ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/1/21
    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢᠶᠠᠷ ᠰᠤᠳᠤᠯᠤᠭᠠᠳ᠂ ᠳᠣᠤᠷᠠᠬᠢ 5 ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠃    ᠨᠢᠭᠡ᠂ ᠢᠯᠡ ᠨᠡᠶᠢᠲᠡᠯᠡᠬᠦ ᠡᠲᠡᠭᠡᠳ    ᠶᠦᠨ ᠫᠧᠩ᠂ ᠡᠷᠡᠭᠲᠡᠶ᠂ ᠮᠣᠩᠭᠤᠯ ᠦᠨᠳᠦᠰᠦᠲᠡᠨ᠂ 1987 ᠣᠨ ᠤ 4 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠶᠢᠲᠤ ᠰᠢᠷ᠎ᠠ ᠵᠣ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃    ᠼᠦᠢ ᠵᠢᠶᠠᠨ᠂ ᠡᠷᠡᠭᠲᠡᠶ᠂ ᠮᠠᠨᠵᠤ ᠦᠨᠳᠦᠰᠦᠲᠡᠨ᠂ 1990 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠶᠢᠨ ᠲᠤᠰᠢᠶᠠᠯ ᠲᠠᠢ ᠂ ᠰᠢᠶᠠᠩ ᠪᠠᠯᠭᠠᠰᠤᠨ ᠤ ᠨᠠᠮ ᠵᠠᠰᠠᠭ ᠤᠨ ᠵᠢᠩᠬᠢᠨᠢ ᠲᠤᠰᠢᠶᠠᠯ ᠲᠠᠢ᠃    ᠶᠦᠨ ᠱᠠ ᠱᠠ᠂ ᠡᠮᠡᠭᠲᠡᠶ᠂ ᠮᠣᠩᠭᠤᠯ ᠦᠨᠳᠦᠰᠦᠲᠡᠨ᠂ 1990 ᠣᠨ ᠤ 6 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠬᠠᠤᠯᠢ ᠶᠢᠨ ᠤᠬᠠᠭᠠᠨ ᠤ ᠤᠶᠤᠲᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠶ ᠮᠢᠶᠣᠣ ᠽᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠤ ᠲᠤᠰᠢᠶᠠᠯ ᠢ ᠬᠠᠷᠢᠭᠤᠴᠠᠵᠤ ᠪᠠᠶᠢᠨ᠎ᠠ᠃    ᠸᠧᠨ ᠮᠢᠩ᠂ ᠡᠷᠡᠭᠲᠡᠶ᠂ ᠮᠣᠩᠭᠤᠯ ᠦᠨᠳᠦᠰᠦᠲᠡᠨ᠂ 1992 ᠣᠨ ᠤ 3 ᠰᠠᠷ᠎ᠠ ᠳᠤ ᠲᠦᠷᠦᠵᠠᠢ᠂ ᠠᠰᠫᠢᠷᠠᠨᠲ᠂ ᠬᠠᠤᠯᠢ ᠶᠢᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠪᠢᠴᠢᠭᠡᠴᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃    ᠳ᠋ᠦ᠋ ᠴᠠᠩ ᠵᠢᠶᠠᠨ᠂ ᠡᠮᠡᠭᠲᠡᠢ᠂ ᠬᠢᠲᠠᠳ ᠦᠨᠳᠦᠰᠦᠲᠡᠨ᠂ 1987 ᠣᠨ ᠤ 6 ᠰᠠᠷ᠎ᠠ ᠳᠤ ᠲᠦᠷᠦᠵᠠᠢ᠂ ᠠᠰᠫᠢᠷᠠᠨᠲ᠂ ᠬᠠᠮᠢᠶᠠᠷᠤᠯᠲᠠ ᠶᠢᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠬᠤᠰᠢᠭᠤᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ  ᠦᠢᠯᠡᠴᠢᠯᠡᠭᠡᠨ ᠤ ᠲᠥᠪ ᠤᠨ ᠡᠷᠬᠢᠯᠡᠭᠴᠢ᠂ ᠰᠢᠶᠠᠩ ᠪᠠᠯᠭᠠᠰᠤᠨ ᠤ ᠨᠠᠮ ᠵᠠᠰᠠᠭ ᠤᠨ ᠳᠡᠳ᠋ ᠲᠤᠰᠢᠶᠠᠯᠲᠠᠨ ᠤ ᠲᠤᠰᠢᠶᠠᠯ ᠢ ᠬᠠᠷᠢᠭᠤᠴᠠᠵᠤ ᠪᠠᠶᠢᠨ᠎ᠠ᠃    ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ    ᠵᠠᠷᠯᠠᠨ ᠨᠡᠶᠢᠲᠡᠯᠡᠬᠦ ᠴᠠᠭ ᠨᠢ 2025 ᠣᠨ ᠤ 1 ᠰᠠᠷ᠎ᠠ ᠶᠢᠨ 21 ᠤ ᠡᠳᠦᠷ ᠠᠴᠠ 1 ᠰᠠᠷ᠎ᠠ ᠶᠢᠨ 26 ᠤ ᠡᠳᠦᠷ ᠪᠣᠯᠲᠠᠯ᠎ᠠ᠃    ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ    ᠨᠢᠭᠡᠴᠡ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ ᠦᠨᠡᠨ ᠠᠴᠠ ᠵᠥᠪ ᠢ ᠡᠷᠢᠵᠦ᠂ ᠳ᠋ᠢᠶᠠᠩᠬᠤᠸᠠ ᠪᠠ ᠵᠠᠬᠢᠳᠠᠯ ᠢ ᠦᠨᠡᠨ ᠪᠣᠳᠠᠲᠠᠶ ᠣᠪᠣᠭ ᠨᠡᠷ᠎ᠡ ᠳᠤ ᠮᠡᠳᠡᠭᠳᠡᠵᠦ᠂ ᠲᠤᠰᠬᠠᠭᠰᠠᠨ ᠠᠰᠠᠭᠤᠳᠠᠯ ᠳᠤ ᠪᠠᠶᠢᠴᠠᠭᠠᠯᠲᠠ ᠬᠢᠵᠦ ᠪᠣᠯᠬᠤ ᠭᠡᠷᠡᠴᠢ ᠪᠠ ᠪᠤᠰᠤᠳ ᠬᠤᠯᠪᠣᠭᠳᠠᠯ ᠪᠥᠬᠦᠶ ᠰᠦᠪᠡᠭᠴᠢ ᠶᠢ ᠬᠠᠩᠭᠠᠬᠤ ᠬᠡᠷᠡᠭᠲᠡᠶ᠃ ᠪᠢᠳᠡ ᠠᠰᠠᠭᠤᠳᠠᠯ ᠢ ᠲᠤᠰᠬᠠᠭᠴᠢᠳ ᠵᠢᠴᠢ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠬᠦᠯᠢᠶᠡᠨ ᠠᠪᠴᠤ ᠰᠢᠢᠳᠪᠦᠷᠢᠯᠡᠬᠦ ᠠᠯᠪᠠᠨ ᠭᠡᠷ ᠢ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︵ᠬᠤᠰᠢᠭᠤᠨ ᠤ ᠨᠠᠮ ᠵᠠᠰᠠᠭ ᠤᠨ ᠲᠣᠮᠣ ᠠᠰᠠᠷ ᠤᠨ 206 ᠥᠷᠥᠭᠡ︶ ᠳᠤ ᠪᠠᠶᠢᠭᠤᠯᠪᠠ᠃    ᠬᠦᠯᠢᠶᠡᠨ ᠠᠪᠬᠤ ᠴᠠᠭ᠄ ᠡᠳᠦᠷ ᠪᠦᠷᠢ ᠶᠢᠨ ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨ᠎ᠠ 2᠄ 30 - 5᠄ 30    ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 12380-2-6    ᠣᠨᠴᠠᠭᠠᠶᠢᠯᠠᠨ ᠵᠠᠷᠯᠠᠪᠠ    ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ    2025 ᠣᠨ ᠤ 1 ᠰᠠᠷ᠎ᠠ ᠶᠢᠨ 20 ᠤ ᠡᠳᠦᠷ
 
ᠢᠷᠡᠯᠲᠡ᠄ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号