2025 ᠣᠨ ᠤ ᠲᠦᠮᠡᠳ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ︽ᠠᠵᠢᠯ ᠣᠯᠭᠤᠯᠲᠠ  ᠶᠢ ᠲᠡᠳᠬᠦᠬᠦ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠤ ᠤᠷᠢᠯᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/1/6
    ᠬᠥᠮᠦᠨ ᠬᠡᠷᠡᠭᠯᠡᠬᠦ ᠨᠢᠭᠡᠴᠡ ᠪᠣᠯᠤᠨ ᠥᠷᠭᠡᠨ ᠣᠯᠠᠨ ᠠᠵᠢᠯ ᠡᠷᠢᠭᠰᠡᠳ᠄    ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠬᠥᠮᠦᠰ ᠤᠨ ᠠᠵᠢᠯ ᠣᠯᠭᠤᠯᠲᠠ ᠶᠢ ᠳᠠᠭᠠᠭᠠᠨ ᠲᠡᠳᠬᠦᠬᠦ ᠪᠠᠨ ᠴᠢᠩᠭᠠᠳᠬᠠᠵᠤ᠂ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠠᠵᠢᠯ ᠣᠯᠭᠤᠯᠲᠠ ᠶᠢ ᠲᠤᠰᠠᠯᠠᠬᠤ ᠰᠠᠷ᠎ᠠ ᠶᠢᠨ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠨ ᠬᠡᠷᠡᠭᠯᠡᠬᠦ ᠡᠯ᠎ᠡ ᠨᠢᠭᠡᠴᠡ ᠪᠠ ᠠᠵᠢᠯ ᠡᠷᠢᠭᠰᠡᠳ ᠢ ᠴᠢᠩ ᠰᠡᠳᠬᠢᠯ ᠠᠴᠠ ᠪᠠᠨ ᠤᠷᠢᠵᠤ ᠣᠷᠣᠯᠴᠠᠭᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠬᠦᠳᠡᠯᠭᠡᠭᠡᠨ ᠤ ᠭᠤᠤᠯ ᠰᠡᠳᠦᠪ    ᠠᠵᠢᠯ ᠣᠯᠭᠤᠯᠲᠠ ᠶᠢ ᠲᠡᠳᠬᠦᠬᠦ    ᠬᠤᠶᠠᠷ᠂ ᠠᠵᠢᠯᠯᠠᠭᠠᠨ ᠤ ᠴᠠᠭ    2025 ᠣᠨ ᠤ 1 ᠰᠠᠷ᠎ᠠ ᠶᠢᠨ 3 ᠤ ᠡᠳᠦᠷ ᠠᠴᠠ 1 ᠰᠠᠷ᠎ᠠ ᠶᠢᠨ 31 ᠤ ᠡᠳᠦᠷ ᠪᠣᠯᠲᠠᠯ᠎ᠠ    ᠭᠤᠷᠪᠠ᠂ ᠦᠢᠯᠡᠴᠢᠯᠡᠬᠦ ᠡᠲᠡᠭᠡᠳ    ︵ᠨᠢᠭᠡ︶ ᠠᠵᠢᠯ ᠣᠯᠬᠤ ᠳᠤ ᠬᠦᠴᠢᠷᠲᠡᠢ ᠬᠥᠮᠥᠰ    ︵ᠬᠤᠶᠠᠷ︶ ᠬᠤᠲᠠ ᠪᠠᠯᠭᠠᠰᠤ ᠶᠢᠨ  ᠠᠵᠢᠯ ᠠᠯᠳᠠᠭᠰᠠᠳ    ︵ᠭᠤᠷᠪᠠ︶ ᠵᠡᠮᠳᠡᠭ ᠠᠵᠢᠯᠲᠠᠨ  ︵ᠲᠦᠷᠪᠡ︶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠵᠡᠷᠭᠡ ᠭᠤᠤᠯᠳᠠᠯᠭ᠎ᠠ ᠲᠠᠢ ᠨᠡᠶᠢᠲᠡ ᠴᠣᠭᠴᠠ᠃    ᠳᠥᠷᠪᠡ᠂ ᠬᠤᠷᠠᠯ ᠳᠤ ᠣᠷᠣᠯᠴᠠᠬᠤ ᠠᠷᠭ᠎ᠠ ᠮᠠᠶ᠋ᠢᠭ    ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠦᠯᠵᠢᠶ᠎ᠡ ︵http://www.hhhtsrlzysc.org.cn /︶ ᠳᠤ ᠭᠠᠷᠬᠤ    ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ    ᠭᠤᠣᠯᠯᠠᠨ ᠡᠷᠬᠢᠯᠡᠭᠰᠡᠨ ᠨᠢᠭᠡᠴᠡ᠄ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ    ᠳᠠᠭᠠᠭᠠᠨ ᠡᠷᠬᠢᠯᠡᠬᠦ ᠨᠢᠭᠡᠴᠡ᠄ ᠲᠦᠮᠡᠳ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ    ᠬᠠᠷᠢᠯᠴᠠᠬᠤ ᠬᠥᠮᠥᠨ᠄ ᠷᠧᠨ ᠮᠧᠢ ᠰᠢᠶᠠ    ᠬᠠᠷᠢᠯᠴᠠᠬᠤ ᠤᠲᠠᠰᠤ᠄ 0471 - 81626᠂ 18586053608    ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ    2025 ᠣᠨ ᠤ 1 ᠰᠠᠷ᠎ᠠ ᠶᠢᠨ 3 ᠤ ᠡᠳᠦᠷ
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号