ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2025 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠳᠠᠬᠢᠨ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/6
    ᠮᠠᠨ ᠤ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 2025 ᠣᠨ ᠤ 1 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2025 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠳᠠᠬᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠬᠤᠰᠢᠭᠤᠨ ᠤ 89 ᠰᠤᠷᠭᠠᠭᠤᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠵᠢᠶᠠᠨ ᠫᠢᠩ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠪᠣᠯ ᠣᠷᠳᠣ ᠬᠤᠭᠤᠴᠠᠭᠠᠲᠤ ᠴᠢᠨᠠᠷᠲᠠᠶ ᠠᠵᠢᠯ ᠮᠥᠨ᠂ ᠪᠠᠰᠠ ᠴᠤ ᠡᠨᠡ ᠵᠢᠯ ᠠᠴᠠ ᠨᠠᠰᠢᠬᠢ ᠠᠵᠢᠯ ᠤᠨ ᠭᠤᠤᠯᠳᠠᠯᠭ᠎ᠠ ᠮᠥᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠬᠤᠷᠢᠭᠯᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠪᠠᠭ᠎ᠠ ᠰᠤᠷᠭᠠᠭᠤᠯᠢ ᠨᠤᠭᠤᠳ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠥᠷᠨᠢᠭᠦᠯᠵᠦ᠂ ᠡᠯ᠎ᠡ ᠵᠦᠢᠯ ᠤᠨ ᠲᠦᠷᠢᠮ ᠲᠣᠭᠲᠠᠭᠠᠯ ᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠵᠠᠬᠢᠷᠤᠯ ᠤᠨ ᠡᠷᠬᠡᠪᠰᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ ᠲᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠣᠨᠢᠯᠠᠨ ᠲᠣᠭᠲᠠᠭᠠᠵᠤ᠂ ᠬᠤᠭᠤᠯᠠᠨ ᠬᠡᠷ ᠤᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠭᠰᠡᠨ ᠡᠰᠡᠬᠦ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠲᠦᠷᠭᠡᠨ ᠪᠠᠶᠢᠴᠠᠭᠠᠬᠤ ᠵᠣᠬᠢᠴᠠᠩᠭᠤᠶ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠶ᠃ ᠶᠡᠭᠡ ᠬᠡᠮᠵᠢᠶᠡᠨ ᠤ ᠢᠳᠡᠭᠡᠨ ᠤ ᠮᠠᠲ᠋ᠧᠷᠢᠶᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠨᠢ ᠬᠠᠤᠯᠢ ᠶᠣᠰᠣᠨ ᠤ ᠬᠢᠷᠢ ᠭᠡᠮ ᠢ ᠪᠦᠷᠢᠯᠳᠦᠭᠦᠯᠦᠭᠰᠡᠨ ᠡᠰᠡᠬᠦ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠤᠯᠤᠰ ᠤᠨ ᠬᠠᠤᠯᠢ ᠴᠠᠭᠠᠵᠠ ᠶᠢᠨ ᠳᠦᠷᠢᠮ ᠪᠠ ᠭᠡᠷ᠎ᠡ ᠶᠣᠰᠣᠭᠠᠷ ᠭᠦᠢᠴᠡᠳᠬᠡᠬᠦ ᠬᠡᠷᠡᠭᠲᠡᠶ᠃ ᠭᠤᠷᠪᠠ ᠳᠤ᠂ ᠲᠤᠰᠬᠠᠶ ᠴᠡᠭᠴᠡᠯᠡᠨ ᠵᠠᠰᠠᠯᠲᠠ ᠶᠢ ᠳᠠᠬᠢᠨ ᠵᠢᠭᠰᠠᠭᠠᠨ ᠪᠠᠶᠢᠴᠠᠭᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠠᠤᠯᠢ ᠬᠡᠷᠡᠭᠵᠢᠭᠦᠯᠬᠦ ᠠᠵᠢᠯᠲᠠᠳ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠᠨ ᠴᠢᠩᠭᠠᠳᠬᠠᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠲᠤᠭ᠎ᠠ ᠶᠢ ᠨᠡᠮᠡᠭᠳᠡᠭᠦᠯᠦᠨ᠂ ᠨᠢᠭᠡ ᠪᠦᠯᠦᠭ ᠣᠯᠠᠨ ᠲᠦᠮᠡᠨ ᠤ ᠳᠡᠷᠭᠡᠳᠡᠬᠢ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠨᠢᠭᠡ ᠪᠦᠯᠦᠭ ᠪᠦᠲᠦᠮᠵᠢᠲᠡᠶ ᠪᠥᠭᠡᠳ ᠲᠤᠰᠠᠲᠠᠶ ᠲᠦᠷᠢᠮ ᠤᠨ ᠦᠷ᠎ᠡ ᠪᠦᠲᠦᠭᠡᠯ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号