ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 2 ᠤᠨ ᠴᠠᠭᠢᠯᠭᠠᠨ ᠮᠡᠳᠡᠭᠡ 1 ᠰᠠᠷ᠎ᠠ ᠶᠢᠨ 1 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠬᠢᠭᠡᠳ ᠲᠡᠭᠦᠨ ᠤ ᠬᠠᠲᠤᠨ ᠫᠧᠩ ᠯᠢ ᠶᠤᠸᠠᠨ ᠲᠠᠢ ᠪᠠᠨ ᠠᠮᠧᠷᠢᠺᠠ ᠶᠢᠨ | ᠸᠠᠰᠢᠩᠲ᠋ᠣᠨ ᠵᠧᠦ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢ ᠳᠤ ᠰᠢᠨ᠎ᠡ ᠣᠨ ᠤ | ᠪᠠᠶᠠᠷ ᠤᠨ ᠺᠠᠷᠲ ᠬᠠᠷᠢᠭᠤ ᠪᠡᠯᠡᠭᠯᠡᠵᠦ᠂ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠵᠦ᠂ 2025 ᠣᠨ ᠪᠣᠯ ᠳᠤᠮᠳᠠᠳᠤ | ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠤ ᠪᠠ ᠳᠡᠯᠡᠬᠡᠢ ᠶᠢᠨ ᠹᠠᠱᠢᠰ ᠢ ᠡᠰᠡᠷᠭᠦᠴᠡᠬᠦ ᠲᠡᠶᠢᠨ ᠤ | ᠢᠯᠠᠯᠲᠠ ᠶᠢ ᠣᠯᠣᠭᠰᠠᠨ 80 ᠵᠢᠯ ᠤᠨ ᠣᠶ ᠪᠣᠯᠣᠨ᠎ᠠ ᠭᠡᠵᠦ ᠢᠯᠡᠷᠬᠡᠶᠢᠯᠡᠪᠡ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ | ᠬᠤᠭᠤᠴᠠᠭᠠᠨ ᠳᠤ᠂ ᠳᠤᠮᠳᠠᠳᠤ ᠠᠮᠧᠷᠢᠺᠠ ᠬᠠᠮᠲᠤ ᠪᠠᠷ ᠡᠩᠬᠡ ᠲᠠᠶᠢᠪᠤᠩ ᠪᠠ ᠰᠢᠳᠤᠷᠭᠤ ᠶᠣᠰᠣᠨ ᠤ ᠲᠥᠯᠥᠭᠡ ᠪᠠᠶᠢᠯᠳᠤᠵᠤ | ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠨᠢ ᠴᠢᠰᠤᠲᠤ ᠲᠡᠮᠡᠴᠡᠭᠡᠨ ᠪᠣᠯᠣᠨ ᠲᠠᠶᠢᠨ ᠳᠠᠵᠢᠨ ᠤ ᠰᠢᠯᠭᠠᠯᠲᠠ ᠶᠢ | ᠳᠠᠭᠠᠭᠠᠵᠤ᠂ ᠣᠨ ᠶᠠᠪᠤᠬᠤ ᠲᠤᠳᠤᠮ ᠢᠶᠠᠨ ᠡᠷᠬᠢᠮ ᠨᠠᠨᠳᠢᠨ ᠪᠣᠯᠵᠤ ᠰᠢᠨᠡᠳᠦᠭᠰᠡᠨ ᠪᠠᠶᠢᠨ᠎ᠠ᠃ ᠳᠤᠮᠳᠠᠳᠤ ᠠᠮᠧᠷᠢᠺᠠ ᠬᠤᠶᠠᠷ | ᠤᠯᠤᠰ ᠤᠨ ᠵᠠᠯᠠᠭᠤᠴᠤᠳ ᠪᠠᠭᠠᠴᠤᠳ ︽ᠢᠷᠡᠭᠡᠳᠦᠢ ᠶᠢᠨ 5 ᠵᠢᠯ ᠳᠤ ᠠᠮᠧᠷᠢᠺᠠ ᠶᠢᠨ 5 ᠲᠦᠮᠡᠨ ᠵᠠᠯᠠᠭᠤᠴᠤᠳ | ᠪᠠᠭᠠᠴᠤᠳ ᠢ ᠳᠤᠮᠳᠠᠳᠤ ᠤᠯᠤᠰ ᠲᠤ ᠤᠷᠢᠵᠤ ᠰᠣᠯᠢᠯᠴᠠᠭ᠎ᠠ ᠦᠷᠨᠢᠭᠦᠯᠦᠨ ᠰᠤᠷᠤᠯᠴᠠᠭᠤᠯᠬᠤ︾ ᠰᠠᠨᠠᠭᠠᠴᠢᠯᠠᠭ᠎ᠠ ᠳᠤ | ᠦᠷᠭᠦᠯᠵᠢᠯᠡᠨ ᠢᠳᠡᠪᠬᠢᠲᠡᠢ ᠣᠷᠤᠯᠴᠠᠭᠤᠯᠵᠤ᠂ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠨ᠂ ᠣᠶᠢᠯᠠᠭᠠᠯᠴᠠᠭ᠎ᠠ ᠪᠠᠨ ᠨᠡᠩ | ᠨᠡᠮᠡᠭᠳᠡᠭᠦᠯᠵᠦ᠂ ᠤᠯᠠᠮᠵᠢᠯᠠᠯᠲᠤ ᠨᠥᠬᠦᠷᠯᠡᠯ ᠢᠶᠠᠨ ᠵᠠᠯᠭᠠᠮᠵᠢᠯᠠᠨ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ | ᠬᠥᠭᠵᠢᠯᠲᠡ ᠶᠢ ᠠᠬᠢᠭᠤᠯᠬᠤ᠂ ᠳᠡᠯᠡᠬᠡᠢ ᠶᠢᠨ ᠡᠩᠬᠡ ᠲᠠᠶᠢᠪᠤᠩ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ | ᠬᠦᠰᠡᠵᠦ ᠪᠠᠶᠢᠨ᠎ᠠ ᠭᠡᠵᠦ ᠢᠯᠡᠳᠬᠡᠪᠡ᠃ | ᠡᠮᠦᠨᠡᠬᠡᠨ᠂ ᠠᠮᠧᠷᠢᠺᠠ ᠶᠢᠨ ᠸᠠᠰᠢᠩᠲ᠋ᠣᠨ ᠵᠧᠦ ᠶᠢᠨ ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠤᠨ | ᠰᠣᠯᠢᠯᠴᠠᠭᠠᠨ ᠤ ᠨᠡᠶᠢᠭᠡᠮᠯᠢᠭ ᠪᠣᠯᠣᠨ ᠯᠢᠨᠺᠧᠨ ᠳᠤᠮᠳᠠᠳᠤ ᠰᠤᠷᠭᠠᠭᠤᠯᠢ᠂ ᠪᠡᠶ᠎ᠡ ᠶᠢᠨ ᠲᠠᠮᠢᠷ ᠤᠨ ᠲᠠᠯᠠᠪᠠᠢ ᠳᠤᠮᠳᠠᠳᠤ | ᠰᠤᠷᠭᠠᠭᠤᠯᠢ ᠶᠢᠨ ︽ᠢᠷᠡᠭᠡᠳᠦᠢ ᠶᠢᠨ 5 ᠵᠢᠯ ᠳᠤ ᠠᠮᠧᠷᠢᠺᠠ ᠶᠢᠨ 5 ᠲᠦᠮᠡᠨ ᠵᠠᠯᠠᠭᠤᠴᠤᠳ ᠪᠠᠭᠠᠴᠤᠳ ᠢ ᠲᠤᠮᠳᠠᠳᠤ | ᠤᠯᠤᠰ ᠲᠤ ᠤᠷᠢᠵᠤ ᠰᠣᠯᠢᠯᠴᠠᠭ᠎ᠠ ᠦᠷᠨᠢᠭᠦᠯᠦᠨ ᠰᠤᠷᠤᠯᠴᠠᠭᠤᠯᠬᠤ︾ ᠰᠠᠨᠠᠭᠠᠴᠢᠯᠠᠭ᠎ᠠ ᠳᠤ ᠣᠷᠣᠯᠴᠠᠬᠤ ᠪᠠᠷ ᠳᠤᠮᠳᠠᠳᠤ | ᠤᠯᠤᠰ ᠲᠤ ᠠᠶᠢᠯᠴᠢᠯᠠᠷ᠎ᠠ ᠢᠷᠡᠭᠰᠡᠨ ᠪᠠᠭᠰᠢ ᠰᠤᠷᠤᠬᠴᠢᠳ ᠤᠨ ᠲᠥᠯᠥᠭᠡᠯᠡᠭᠴᠢ ᠨᠠᠷ ᠲᠡᠷᠢᠭᠦᠯᠡᠭᠴᠢ ᠰᠢ ᠶᠢᠨ ᠫᠢᠩ ᠬᠢᠭᠡᠳ | ᠲᠡᠭᠦᠨ ᠤ ᠬᠠᠲᠤᠨ ᠪᠣᠯᠣᠨ ᠳᠤᠮᠳᠠᠳᠤ ᠤᠯᠤᠰ ᠤᠨ ᠪᠦᠭᠦ ᠠᠷᠠᠳ ᠲᠦᠮᠡᠨ ᠳᠤ ᠰᠢᠨ᠎ᠡ ᠣᠨ ᠤ ᠪᠠᠶᠠᠷ ᠤᠨ ᠺᠠᠷᠲ ᠬᠦᠷᠭᠡᠵᠦ | ᠂ 100 ᠭᠠᠷᠤᠢ ᠪᠠᠭᠰᠢ ᠪᠣᠯᠣᠨ ᠬᠠᠮᠲᠤ ᠰᠤᠷᠤᠯᠭᠠᠲᠠᠨ ᠡᠨᠡ ᠬᠦ ᠪᠠᠶᠠᠷ ᠤᠨ ᠺᠠᠷᠲ ᠳᠡᠭᠡᠷ᠎ᠡ ᠭᠠᠷ ᠤᠨ ᠦᠰᠦᠭ ᠵᠢᠷᠤᠵᠠᠢ᠃ | ᠪᠠᠭᠰᠢ ᠰᠤᠷᠤᠬᠴᠢᠳ ᠪᠠᠶᠠᠷ ᠤᠨ ᠺᠠᠷᠲ ᠳᠡᠭᠡᠷ᠎ᠡ ᠪᠠᠨ᠄ ︽ᠶᠠᠫᠤᠨ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠣᠭᠰᠠᠨ | 80 ᠵᠢᠯ ᠤᠨ ᠤᠢ ᠶᠢ ᠳᠤᠷᠠᠰᠬᠠᠶ᠎ᠠ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠣᠭᠰᠠᠨ 80 | ᠵᠢᠯ ᠤᠨ ᠤᠢ ᠶᠢ ᠳᠤᠷᠠᠰᠬᠠᠶ᠎ᠠ᠃ ᠰᠢᠨ᠎ᠡ ᠣᠨ ᠢᠶᠠᠨ ᠪᠠᠶᠠᠷᠯᠠᠨ ᠤᠭᠲᠤᠶ᠎ᠠ᠂ ᠡᠩᠬᠡ ᠲᠠᠶᠢᠪᠤᠩ ᠮᠠᠨᠳᠤᠲᠤᠭᠠᠢ᠂ ᠳᠤᠮᠳᠠᠳᠤ | ᠠᠮᠧᠷᠢᠺᠠ ᠶᠢᠨ ᠨᠥᠬᠦᠷᠯᠡᠯ ᠥᠨᠢᠳᠡ ᠮᠥᠩᠬᠡᠷᠡᠲᠦᠭᠡᠢ︕︾ ᠭᠡᠵᠦ ᠬᠢᠲᠠᠳ ᠭᠡᠯᠡ ᠪᠠᠷ ᠪᠢᠴᠢᠭᠰᠡᠨ ᠪᠠᠶᠢᠨ᠎ᠠ᠃ | |