ᠴᠠᠭᠠᠰᠤᠴᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/7
    ᠰᠢᠨ᠎ᠡ ᠵᠢᠯ ᠤᠨ ᠡᠬᠢᠨ ᠳᠤ᠂ ᠲᠦᠮᠡᠳ ᠵᠡᠭᠦᠨ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ︽ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠤᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠴᠠᠭᠠᠰᠤᠴᠢ ᠪᠠᠯᠭᠠᠰᠤ ᠪᠥᠬᠦ ᠪᠠᠯᠭᠠᠰᠤᠨ ᠤ ᠬᠡᠪᠴᠢᠶᠡᠨ ᠳᠤ ᠪᠣᠳᠠᠲᠠᠶ ᠲᠠᠢ ᠪᠠᠨ ᠤᠶᠠᠯᠳᠤᠭᠤᠯᠤᠨ᠂ ᠦᠳᠲᠡᠷ ᠲᠦᠷᠭᠡᠨ ᠬᠥᠳᠡᠯᠦᠯᠴᠡᠵᠦ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠭᠦᠨᠵᠡᠭᠡᠶ ᠥᠷᠨᠢᠭᠦᠯᠬᠦ ᠶᠢ ᠪᠠᠷᠢᠮᠲᠠᠯᠠᠪᠠ᠃ 1 ᠰᠠᠷ᠎ᠠ ᠶᠢᠨ 6 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠯᠢᠶᠠᠩ ᠱᠤ᠋ ᠬᠤᠸᠠ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠹᠸᠢ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠤᠨ ᠺᠠᠳ᠋ᠷᠴᠤᠳ ᠢ ᠳᠠᠭᠠᠭᠤᠯᠤᠨ ᠪᠠᠯᠭᠠᠰᠤᠨ ᠤ ᠳᠣᠲᠣᠷᠠᠬᠢ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠳᠡᠯᠭᠡᠭᠦᠷ᠂ ᠮᠥᠰᠥ ᠴᠠᠰᠤᠨ ᠤ ᠵᠤᠭ᠎ᠠ ᠴᠡᠩᠭᠡᠯ ᠤᠨ ᠲᠠᠯᠠᠪᠤᠷ᠂ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠵᠡᠷᠭᠡ ᠳᠤ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠪᠠ᠃    ᠪᠠᠶᠢᠴᠠᠭᠠᠬᠤ ᠳᠤᠭᠤᠶᠢᠯᠠᠩ ᠤᠨ ᠬᠢᠨ ᠭᠦᠸᠧ ᠯᠢᠶᠠᠩ ᠤᠨ ᠬᠤᠸᠠᠷ ᠫᠤᠤᠵᠢᠩ ᠤᠨ ᠵᠠᠬ᠎ᠠ ᠳᠡᠯᠭᠡᠭᠦᠷ ᠤᠨ ᠭᠠᠯ ᠤᠨᠲᠠᠷᠠᠭᠠᠭᠤᠷ ᠢ ᠳᠡᠯᠭᠡᠵᠦ ᠲᠠᠯᠪᠢᠭᠰᠠᠨ ᠶᠠᠪᠤᠳᠠᠯ ᠨᠢ ᠳᠦᠷᠢᠮᠵᠢᠭᠦᠨ ᠪᠤᠰᠤ ᠪᠠᠶᠢᠬᠤ ᠶᠢ ᠨᠠᠷᠢᠨ ᠪᠠᠶᠢᠴᠠᠭᠠᠵᠤ ᠣᠯᠵᠤ ᠮᠡᠳᠡᠪᠡ᠃ ᠴᠠᠭᠠᠰᠤᠴᠢ ᠪᠠᠯᠭᠠᠰᠤᠨ ᠤ ᠮᠥᠰᠥ ᠴᠠᠰᠤᠨ ᠤ ᠬᠤᠲᠠ ᠳᠤ ᠮᠥᠰᠥ ᠴᠠᠰᠤᠨ ᠤ ᠲᠠᠯᠠᠪᠠᠶ ᠳᠤ ᠠᠮᠤᠷ ᠲᠦᠪᠰᠢᠨ ᠤ ᠰᠡᠷᠡᠮᠵᠢᠯᠡᠭᠦᠯᠦᠯ ᠤᠨ ᠰᠠᠨᠠᠭᠤᠯᠤᠮᠵᠢ ᠨᠠᠭᠠᠭᠰᠠᠨ ᠥᠬᠡᠶ᠃ ᠥᠪᠥᠷ ᠮᠣᠩᠭᠤᠯ ᠤᠨ ᠷᠦᠨ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠶᠢᠨ ᠪᠣᠷᠴᠠ ᠡᠳ᠋ᠰᠢᠭᠦᠯᠬᠦ ᠦᠢᠯᠡᠳᠪᠦᠷᠢ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠳᠤ ᠬᠦᠷᠬᠦ ᠦᠭᠡᠢ ᠪᠠᠶᠢᠬᠤ ᠶᠢ ᠣᠨᠴᠠᠭᠠᠶᠢᠯᠠᠨ ᠱᠠᠭᠠᠷᠳᠠᠪᠠ᠃ ᠨᠢᠭᠡᠨᠲᠡ ᠲᠤᠬᠠᠶ ᠶᠢᠨ ᠲᠠᠯᠠᠪᠤᠷ ᠲᠤ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠡᠵᠡᠩᠨᠡᠭᠴᠢ ᠶᠢᠨ ᠡᠪᠦᠯ ᠤᠨ ᠤᠯᠠᠷᠢᠯ ᠤᠨ ᠬᠠᠬᠢᠷ ᠬᠦᠢᠲᠡᠨ ᠭᠠᠩ ᠬᠠᠭᠤᠷᠠᠶ ᠪᠠᠶᠢᠳᠠᠯ ᠢ ᠣᠨᠴᠠᠭᠠᠶᠢᠯᠠᠨ ᠴᠢᠬᠤᠯᠠᠴᠢᠯᠠᠵᠤ᠂ ᠴᠠᠬᠢᠯᠭᠠᠨ ᠤᠲᠠᠰᠤ ᠴᠠᠬᠢᠯᠭᠠᠨ ᠬᠡᠯᠬᠢᠶ᠎ᠡ ᠶᠢ ᠵᠢᠷᠤᠮᠵᠢᠭᠤᠯᠤᠨ ᠤᠭᠰᠠᠷᠠᠵᠤ ᠬᠡᠷᠡᠭᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠯ ᠤᠨᠲᠠᠷᠠᠭᠠᠬᠤ ᠵᠠᠮ ᠰᠠᠭᠠᠳ ᠥᠬᠡᠶ ᠨᠡᠪᠲᠡᠷᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠦᠷᠢᠨ ᠭᠦᠢᠴᠡᠳ ᠪᠥᠭᠡᠳ ᠪᠦᠲᠦᠮᠵᠢᠲᠡᠶ ᠲᠣᠬᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠮᠥᠰᠥ ᠴᠠᠰᠤᠨ ᠤ ᠲᠠᠯᠠᠪᠠᠶ ᠳᠤ ᠬᠠᠮᠢᠶᠠᠷᠤᠯᠲᠠ ᠪᠠᠨ ᠴᠢᠩᠭᠠᠳᠬᠠᠵᠤ᠂ ᠲᠥᠬᠦᠭᠡᠷᠦᠮᠵᠢ ᠶᠢ ᠨᠠᠷᠢᠨ ᠪᠠᠶᠢᠴᠠᠭᠠᠬᠤ ᠶᠢᠨ ᠬᠠᠮᠲᠤ ᠬᠡᠷᠡᠭᠯᠡᠯᠲᠡ ᠶᠢᠨ ᠠᠮᠤᠷ ᠲᠦᠪᠰᠢᠨ ᠢ ᠪᠠᠲᠤᠯᠠᠵᠤ᠂ ᠢᠳᠡᠭᠡᠨ ᠤ ᠦᠢᠯᠡᠳᠪᠦᠷᠢ ᠶᠢ ᠦᠢᠯᠡᠳᠪᠦᠷᠢᠯᠡᠯ ᠤᠨ ᠲᠠᠰᠤᠭ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠰᠠᠶᠢᠨ ᠰᠠᠶᠢᠬᠠᠨ ᠰᠠᠯᠬᠢ ᠨᠡᠪᠲᠡᠷᠡᠭᠦᠯᠬᠦ ᠣᠷᠴᠢᠨ ᠲᠣᠭᠤᠷᠢᠨ ᠢ ᠪᠠᠲᠤᠯᠠᠬᠤ ᠬᠡᠷᠡᠭᠲᠡᠶ᠃    ᠳᠠᠷᠠᠭᠠᠴᠢ ᠶᠢᠨ ᠠᠯᠬᠤᠮ ᠳᠤ ᠴᠠᠭᠠᠰᠤᠴᠢ ᠪᠠᠯᠭᠠᠰᠤ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠦᠨᠡᠨᠬᠦ ᠠᠳᠬᠤᠵᠤ᠂ ᠦᠨᠡᠨᠬᠦ ᠬᠠᠮᠢᠶᠠᠷᠴᠤ᠂ ᠦᠨᠡᠨᠬᠦ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
 
ᠢᠷᠡᠯᠲᠡ᠄ ᠴᠠᠭᠠᠰᠤᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号