1 ᠰᠠᠷ᠎ᠠ ᠶᠢᠨ 6 ᠤ ᠡᠳᠦᠷ᠂ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠰᠢᠮᠳᠠᠭᠤᠯᠤᠨ ᠪᠠᠶᠢᠴᠠᠭᠠᠬᠤ ᠬᠠᠤᠯᠢ ᠬᠡᠷᠡᠭᠵᠢᠭᠦᠯᠬᠦ | ᠠᠵᠢᠯᠲᠠᠨ ᠬᠢᠨᠠᠨ ᠬᠠᠮᠢᠶᠠᠷᠴᠤ ᠪᠠᠶᠢᠭ᠎ᠠ ᠴᠠᠭᠠᠰᠤᠴᠢ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ | ᠦᠭᠡᠢ ᠰᠢᠢᠳᠪᠦᠷᠢᠯᠡᠬᠦ ᠲᠠᠯᠠᠪᠠᠶ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠷᠭᠡᠨ ᠠᠩᠭᠢ ᠵᠡᠷᠭᠡ ᠲᠠᠯᠠᠪᠤᠷ | ᠭᠠᠵᠠᠷ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ | ᠬᠤᠭ ᠨᠣᠪᠰᠢ ᠶᠢᠨ ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠪᠠᠶᠢᠳᠠᠯ ᠢ | ᠨᠠᠷᠢᠨ ᠨᠢᠮᠪᠠᠶ ᠪᠠᠶᠢᠴᠠᠭᠠᠨ ᠦᠵᠡᠵᠦ᠂ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠭᠤᠤᠷᠰᠤ ᠵᠡᠷᠭᠡ ᠭᠠᠯ | ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ ᠶᠢ ᠭᠤᠤᠯᠳᠠᠯᠭ᠎ᠠ ᠲᠠᠢ | ᠪᠠᠶᠢᠴᠠᠭᠠᠪᠠ᠃ | ᠴᠠᠭᠠᠰᠤᠴᠢ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠲᠠᠯᠠᠪᠠᠶ᠂ | ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠷᠭᠡᠨ ᠠᠩᠭᠢ ᠶᠢᠨ ᠬᠥᠮᠥᠷᠭᠡ ᠶᠢᠨ ᠡᠷᠬᠢᠨ ᠲᠣᠭᠤᠷᠢᠨ ᠤ ᠭᠠᠯ | ᠰᠡᠷᠭᠡᠶᠢᠯᠡᠬᠦ ᠣᠷᠣᠨ ᠪᠦᠰᠡ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠪᠠ᠃ | ᠴᠠᠰᠤ ᠠᠷᠢᠯᠭᠠᠬᠤ ᠪᠠ ᠮᠥᠰᠥ ᠠᠷᠢᠯᠭᠠᠬᠤ ᠠᠵᠢᠯ ᠳᠤ ᠲᠡᠷᠭᠡ ᠬᠥᠰᠬᠡ ᠶᠢᠨ ᠭᠠᠳᠠᠷ ᠡᠯᠭᠦᠭᠰᠡᠨ ᠪᠡᠯᠡᠳᠬᠡᠮᠵᠢ | ᠲᠥᠬᠦᠭᠡᠷᠦᠮᠵᠢ ᠪᠠ ᠶᠠᠪᠤᠬᠤ ᠴᠢᠳᠠᠪᠤᠷᠢ᠂ ᠲᠣᠷᠣᠮᠰᠤᠯᠠᠬᠤ ᠠᠮᠤᠷ ᠲᠦᠪᠰᠢᠨ ᠢ ᠪᠠᠲᠤᠯᠠᠬᠤ ᠵᠡᠷᠭᠡ ᠶᠢ ᠪᠠᠶᠢᠴᠠᠭᠠᠪᠠ᠃ | | ᠴᠠᠭᠠᠨ ᠰᠠᠷ᠎ᠠ ᠣᠶᠢᠷᠠᠲᠤᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ | ᠳᠠᠪᠬᠤᠴᠠᠵᠤ᠂ ᠲᠦᠮᠡᠳ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠰᠠᠯᠠᠭ᠎ᠠ ᠮᠥᠴᠢᠷ ᠪᠣᠯᠤᠨ ᠬᠢᠨᠠᠨ ᠬᠠᠮᠢᠶᠠᠷᠬᠤ ᠠᠵᠤ | ᠠᠬᠤᠶᠢᠯᠠᠯ ᠤᠨ ᠪᠣᠭᠤᠮᠲᠠ ᠶᠢ ᠤᠷᠤᠭᠰᠢ ᠰᠢᠯᠵᠢᠭᠦᠯᠵᠦ᠂ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ | ᠱᠠᠯᠠᠪᠳᠠᠭᠤᠯᠤᠨ ᠠᠬᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠡᠮᠦᠨ᠎ᠡ ᠨᠢ ᠢᠯᠡᠷᠡᠭᠦᠯᠵᠦ᠂ ᠤᠷᠢᠳ ᠢᠶᠠᠷ | ᠰᠢᠢᠳᠪᠦᠷᠢᠯᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠦᠨᠡᠨ ᠬᠦ ᠰᠠᠶᠢᠲᠤᠷ ᠪᠠᠲᠤᠯᠠᠵᠤ᠂ ᠨᠡᠶᠢᠭᠡᠮ ᠤᠨ ᠠᠮᠤᠷ ᠲᠦᠪᠰᠢᠨ | ᠲᠣᠭᠲᠠᠭᠤᠨ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃ |