ᠵᠠᠰᠠᠯ ᠴᠢᠮᠡᠭᠯᠡᠯ ᠪᠣᠯ ᠨᠢᠭᠡ ᠦᠨᠳᠦᠰᠦᠲᠡᠨ ᠤ ᠣᠨᠴᠠᠯᠢᠭ᠂ ᠵᠠᠩ ᠳᠠᠳᠬᠠᠯ᠂ ᠶᠣᠰᠣ ᠰᠤᠷᠲᠠᠬᠤᠨ᠂ ᠡᠷᠡᠭᠦᠯ | ᠬᠠᠮᠠᠭᠠᠯᠠᠯ ᠤᠨ ᠲᠤᠰᠬᠠᠯ ᠶᠤᠮ᠃ ᠮᠣᠩᠭᠤᠯᠴᠤᠳ ᠤᠨ ᠵᠠᠰᠠᠯ ᠴᠢᠮᠡᠭᠯᠡᠯ ᠨᠢ ᠥᠪᠡᠷᠮᠢᠴᠡ ᠣᠨᠴᠠᠯᠢᠭ ᠲᠠᠢ᠂ | ᠮᠣᠩᠭᠤᠯ ᠠᠨᠠᠭᠠᠬᠤ ᠤᠬᠠᠭᠠᠨ ᠤ ᠵᠠᠰᠠᠯᠭ᠎ᠠ ᠠᠴᠠ ᠤᠯᠠᠷᠢᠨ ᠬᠤᠪᠢᠷᠠᠵᠤ ᠢᠷᠡᠭᠰᠡᠨ ᠤᠯᠠ ᠮᠥᠷ ᠲᠠᠢ᠃ | | ᠡᠭᠡᠮᠦᠭ᠄ ᠡᠭᠡᠮᠦᠭ ᠢ ᠡᠷᠲᠡᠨ ᠳᠡᠭᠡᠨ ᠡᠷᠡᠭᠲᠡᠢ ᠡᠮᠡᠭᠲᠡᠢ ᠪᠦᠷ ᠵᠡᠭᠦᠵᠦ ᠪᠠᠶᠢᠵᠠᠢ᠃ ᠡᠨᠡ ᠨᠢ ᠵᠠᠰᠠᠯ ᠴᠢᠮᠡᠭᠯᠡᠯ | ᠪᠣᠯᠬᠤ ᠪᠠᠷ ᠪᠠᠷᠠᠬᠤ ᠦᠭᠡᠢ ᠠᠨᠠᠭᠠᠬᠤ ᠤᠬᠠᠭᠠᠨ ᠤ ᠵᠠᠰᠠᠯᠭ᠎ᠠ ᠶᠢᠨ ᠡᠳ᠋ ᠪᠠᠶᠢᠵᠠᠢ᠃ ᠡᠭᠡᠮᠦᠭ ᠵᠡᠭᠦᠪᠡᠯ ᠨᠢᠳᠦᠨ | ᠬᠠᠷᠠᠭ᠎ᠠ ᠶᠢ ᠬᠠᠮᠠᠭᠠᠯᠠᠳᠠᠭ ᠶᠤᠮ ᠭᠡᠵᠦ ᠮᠣᠩᠭᠤᠯ ᠠᠨᠠᠭᠠᠬᠤ ᠤᠬᠠᠭᠠᠨ ᠳᠤ ᠪᠠᠶᠢᠳᠠᠭ᠃ ᠡᠭᠦᠨ ᠢ ᠣᠳᠣ ᠦᠶ᠎ᠡ ᠶᠢᠨ | ᠰᠢᠨᠵᠢᠯᠡᠬᠦ ᠤᠬᠠᠭᠠᠨ ᠪᠠ ᠤᠷᠲᠤ ᠨᠠᠰᠤᠯᠠᠭᠰᠠᠨ ᠡᠮᠡᠭᠲᠡᠶᠢᠴᠦᠳ ᠬᠠᠷᠠᠬᠠᠨ ᠪᠠᠭ᠎ᠠ ᠠᠴᠠ ᠪᠠᠨ ᠡᠭᠡᠮᠦᠭ | ᠵᠡᠭᠦᠭᠰᠡᠨ ᠠᠴᠠ ᠪᠣᠯᠣᠭᠠᠳ ᠭᠠᠯ ᠰᠢᠯ ᠵᠡᠭᠦᠬᠦ ᠦᠭᠡᠢ ᠵᠡᠭᠦᠦ ᠰᠦᠪᠡᠯᠡᠵᠦ ᠪᠠᠶᠢᠳᠠᠭ ᠪᠣᠳᠠᠲᠠᠢ ᠵᠢᠱᠢᠶ᠎ᠡ ᠭᠡᠷᠡᠴᠢᠯᠡᠵᠦ | ᠪᠠᠶᠢᠨ᠎ᠠ᠃ | |