ᠪᠠᠢ ᠮᠢᠶᠣᠣ ᠽᠢ ᠪᠠᠯᠭᠠᠰᠤ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/8
    ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠮᠠᠨ ᠤ ᠪᠠᠯᠭᠠᠰᠤᠨ ᠤ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ 2025 ᠣᠨ ᠤ 1 ᠰᠠᠷ᠎ᠠ ᠶᠢᠨ 7 ᠤ ᠦᠳᠡ ᠶᠢᠨ ᠬᠤᠶᠢᠨ᠎ᠠ᠂ ᠪᠠᠢ ᠮᠢᠶᠣᠣ ᠽᠢ ᠪᠠᠯᠭᠠᠰᠤ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠢ ᠮᠢᠶᠣᠣ ᠽᠢ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠪᠠᠯᠭᠠᠰᠤᠨ ᠳᠠᠷᠤᠭ᠎ᠠ ᠯᠦ ᠭᠦᠸᠧ ᠰᠢᠨ ᠬᠤᠷᠠᠯ ᠢ ᠡᠷᠬᠢᠯᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯᠳᠠᠨ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ᠂ ᠡᠯ᠎ᠡ ᠠᠵᠤ ᠠᠬᠤᠶᠢᠯᠠᠯ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠭᠠᠷ ᠳᠡᠪᠲᠡᠷ ᠪᠣᠯᠤᠨ ᠠᠵᠢᠯ ᠤᠨ ᠲᠡᠰ ᠳᠠᠷᠠᠭᠠᠯᠠᠯ ᠢ ᠲᠣᠭᠲᠠᠭᠠᠵᠤ᠂ ᠬᠠᠷᠢᠭᠤᠴᠠᠯᠭ᠎ᠠ ᠪᠣᠯᠤᠨ ᠡᠷᠬᠡ᠂ ᠠᠷᠭ᠎ᠠ ᠬᠡᠮᠵᠢᠶ᠎ᠡ ᠪᠣᠯᠤᠨ ᠠᠷᠭ᠎ᠠ ᠶᠢ ᠲᠣᠳᠣᠷᠬᠠᠶᠢᠯᠠᠬᠤ ᠬᠡᠷᠡᠭᠲᠡᠢ᠃ ᠡᠯ᠎ᠡ ᠵᠦᠢᠯ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ᠂ ᠠᠷᠭ᠎ᠠ᠂ ᠪᠠᠷᠢᠮᠵᠢᠶ᠎ᠠ ᠪᠣᠯᠤᠨ ᠳᠦᠷᠰᠦᠯᠡᠬᠦ ᠴᠢᠨᠠᠷᠲᠠᠶ ᠪᠢᠴᠢᠭ ᠮᠠᠲ᠋ᠧᠷᠢᠶᠠᠯ ᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠵᠢᠯ ᠤᠨ ᠪᠠᠶᠢᠷᠢ ᠭᠠᠷᠭᠠᠬᠤ ᠪᠠ ᠲᠤᠰᠬᠠᠶ ᠮᠡᠷᠭᠡᠵᠢᠯ ᠤᠨ ᠠᠵᠢᠯᠲᠠᠨ ᠲᠣᠬᠢᠷᠠᠭᠤᠯᠬᠤ ᠬᠡᠷᠡᠭᠲᠡᠶ᠃ ᠠᠶᠤᠯ ᠦᠭᠡᠶ ᠦᠢᠯᠡᠳᠪᠦᠷᠢᠯᠡᠯ ᠤᠨ ᠶᠠᠰᠤ ᠴᠢᠨᠠᠷ ᠢ ᠡᠵᠡᠮᠳᠡᠬᠦ ᠪᠠ ᠦᠨᠡᠯᠡᠨ ᠵᠢᠱᠢᠬᠦ ᠲᠣᠭᠲᠠᠴᠠ ᠶᠢ ᠲᠣᠬᠢᠷᠠᠭᠤᠯᠤᠨ᠂ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠵᠦ᠂ ᠴᠡᠭᠴᠡᠯᠡᠨ ᠰᠠᠶᠢᠵᠢᠷᠠᠭᠤᠯᠬᠤ ᠪᠠ ᠬᠠᠯᠠᠨ ᠰᠠᠶᠢᠵᠢᠷᠠᠭᠤᠯᠬᠤ ᠬᠡᠷᠡᠭᠲᠡᠶ᠃    ᠠᠶᠤᠯ ᠦᠭᠡᠶ ᠦᠢᠯᠡᠳᠪᠦᠷᠢᠯᠡᠯ ᠤᠨ ᠤᠷᠲᠤ ᠬᠤᠭᠤᠴᠠᠭᠠᠨ ᠤ ᠦᠷ᠎ᠡ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢᠨ ᠲᠣᠭᠤᠷᠢᠨ ᠳᠤ ᠪᠦᠬᠦ ᠲᠠᠯ᠎ᠠ ᠶᠢᠨ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠢ ᠲᠣᠭᠲᠠᠭᠤᠨ ᠪᠠᠶᠢᠯᠭᠠᠬᠤ ᠡᠨᠡᠬᠦ ᠶᠡᠷᠦᠩᠬᠡᠶ ᠬᠠᠷᠠᠯᠲᠠ ᠶᠢ ᠪᠡᠶᠡᠯᠡᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠬᠢᠵᠠᠭᠠᠷᠯᠠᠬᠤ ᠭᠦᠢᠴᠡᠳᠬᠡᠬᠦ ᠲᠤᠭ᠎ᠠ᠂ ᠬᠠᠷᠢᠭᠤᠴᠠᠯᠭ᠎ᠠ ᠶᠢᠨ ᠳᠦᠷᠢᠮ ᠤᠨ ᠪᠠᠲᠤᠯᠠᠭ᠎ᠠ᠂ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠤᠨ ᠠᠵᠢᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠠᠷ ᠭᠤᠤᠯᠳᠠᠯᠭ᠎ᠠ ᠪᠣᠯᠭᠠᠨ᠂ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠦᠨ᠎ᠡ᠃    ᠠᠶᠤᠯ ᠦᠭᠡᠶ ᠦᠢᠯᠡᠳᠪᠦᠷᠢᠯᠡᠯ ᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠤᠯ ᠦᠭᠡᠶ ᠦᠢᠯᠡᠳᠪᠦᠷᠢᠯᠡᠯ ᠤᠨ ᠳᠤᠮᠳᠠ᠂ ᠠᠵᠢᠯᠯᠠᠭᠰᠠᠳ ᠨᠢ ᠳᠡᠭᠡᠳᠦ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠵᠢᠭᠠᠪᠤᠷᠢ ᠵᠢᠴᠢ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠰ ᠲᠤᠰ ᠤᠨ ᠠᠶᠤᠯ ᠦᠭᠡᠶ ᠦᠢᠯᠡᠳᠪᠦᠷᠢᠯᠡᠯ ᠳᠡᠭᠡᠨ ᠬᠠᠷᠢᠭᠤᠴᠠᠬᠤ ᠬᠡᠷᠡᠭᠲᠡᠶ᠃ ᠬᠥᠳᠡᠯᠮᠦᠷᠢ ᠶᠢᠨ ᠰᠠᠬᠢᠯᠭ᠎ᠠ ᠪᠠᠲᠤ ᠶᠢ ᠵᠢᠷᠤᠮᠯᠠᠵᠤ᠂ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠪᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠪᠠᠶᠠᠷ ᠳᠤᠷᠠᠰᠬᠠᠯ ᠤᠨ ᠡᠳᠦᠷ ᠲᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠢᠯᠠᠩᠭᠤᠶ᠎ᠠ ︽ᠴᠠᠭᠠᠨ ᠰᠠᠷ᠎ᠠ︾ ᠶᠢᠨ ᠠᠮᠠᠷᠠᠯᠲᠠ ᠬᠦᠷᠴᠦ ᠢᠷᠡᠬᠦ ᠲᠠᠰᠢᠷᠠᠮ ᠢᠶᠠᠷ᠂ ︽ᠴᠠᠭᠠᠨ ᠰᠠᠷ᠎ᠠ︾ ᠶᠢᠨ ᠡᠮᠦᠨ᠎ᠡ ᠬᠤᠶᠢᠨᠠᠬᠢ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠵᠢᠵᠢᠭᠦᠷᠯᠡᠭᠴᠢ ᠶᠢᠨ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ 24 ᠴᠠᠭ ᠤᠨ ᠲᠠᠶᠢᠨ ᠤ ᠪᠡᠯᠡᠳᠬᠡᠯ ᠤᠨ ᠵᠢᠵᠢᠭᠦᠷ ᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠲᠤᠯ ᠢ ᠴᠠᠭ ᠲᠤᠬᠠᠢ ᠳᠤᠨᠢ ᠡᠬᠢᠯᠡᠭᠦᠯᠦᠨ᠎ᠡ᠃    ᠳᠠᠷᠠᠭᠠᠴᠢ ᠶᠢᠨ ᠠᠯᠬᠤᠮ ᠳᠤ᠂ ᠪᠠᠢ ᠮᠢᠶᠣᠣ ᠽᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠣᠯᠤᠨ ᠭᠠᠵᠠᠷ ᠪᠣᠯᠭᠠᠨ ᠳᠤ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠲᠦᠭᠰᠢᠭᠦᠷᠢᠲᠦ ᠰᠡᠳᠬᠢᠯᠭᠡ ᠪᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠵᠢᠯ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠰᠠᠭᠤᠳᠠᠯ ᠢ ᠡᠷᠲᠡ ᠢᠯᠡᠷᠡᠭᠦᠯᠵᠦ᠂ ᠤᠷᠢᠳᠴᠢᠯᠠᠨ ᠰᠡᠷᠭᠡᠶᠢᠯᠡᠵᠦ᠂ ᠪᠠᠭ᠎ᠠ ᠳᠤᠨᠢ ᠰᠢᠢᠳᠪᠦᠷᠢᠯᠡᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠪᠦᠬᠦ ᠪᠠᠯᠭᠠᠰᠤᠨ ᠤ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠨ᠎ᠠ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号