ᠬᠠᠷ᠎ᠠ ᠤᠰᠤ ᠨᠠᠭᠤᠷ ᠤᠨ ᠭᠤᠷᠪᠠᠳᠤᠭᠠᠷ ᠬᠤᠭᠤᠴᠠᠭᠠᠨ ᠤ ᠡᠪᠦᠯ ᠤᠨ ᠠᠩᠨᠠᠯ ᠤᠨ ᠪᠠᠶᠠᠷ ᠵᠢᠴᠢ ᠮᠥᠰᠥ | ᠴᠠᠰᠤᠨ ᠤ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠪᠥᠬᠦ ᠲᠠᠯ᠎ᠠ ᠪᠠᠷ ᠪᠠᠲᠤᠯᠠᠬᠤ ᠶᠢᠨ | ᠲᠥᠯᠥᠭᠡ᠂ 1 ᠰᠠᠷ᠎ᠠ ᠶᠢᠨ 7 ᠤ ᠡᠳᠦᠷ ᠠᠴᠠ ᠡᠬᠢᠯᠡᠨ᠂ ᠬᠠᠷ᠎ᠠ ᠤᠰᠤ ᠨᠤᠭᠤ ᠭᠠᠵᠠᠷ ᠤᠨ ᠴᠡᠴᠡᠷᠯᠢᠭ ᠤᠨ | ᠬᠠᠮᠢᠶᠠᠷᠤᠯᠲᠠ ᠬᠠᠮᠠᠭᠠᠯᠠᠯᠲᠠ ᠶᠢᠨ ᠲᠥᠪ ᠴᠡᠯᠡᠭᠡᠷ ᠲᠠᠯ᠎ᠠ ᠪᠠᠯᠭᠠᠰᠤᠨ ᠤ ᠲᠣᠮᠢᠯᠠᠭᠰᠠᠨ ᠰᠠᠯᠪᠤᠷᠢ ᠲᠠᠢ ᠬᠠᠮᠲᠤᠷᠠᠨ | ᠲᠣᠭᠲᠠᠭᠠᠯ ᠠᠴᠠ ᠵᠥᠷᠢᠴᠡᠨ ᠵᠢᠭᠠᠰᠤ ᠬᠤᠯᠠᠭᠠᠶᠢᠯᠠᠨ ᠠᠩᠨᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠡᠪᠦᠯ ᠤᠨ ᠠᠩᠨᠠᠯ ᠤᠨ ᠬᠤᠭᠤᠴᠠᠭᠠᠨ ᠳᠤ ᠡᠳᠦᠷ ᠪᠦᠷᠢ ᠲᠤᠰᠬᠠᠶ ᠬᠥᠮᠦᠨ | ᠳᠣᠭᠢᠷᠠᠭᠤᠯᠤᠨ ᠬᠠᠷ᠎ᠠ ᠤᠰᠤ ᠵᠢᠭᠠᠰᠤ ᠭᠥᠬᠢᠳᠡᠬᠦ ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠪᠠ᠃ | ᠵᠢᠭᠠᠰᠤ ᠭᠥᠬᠢᠳᠡᠬᠦ ᠶᠢᠨ ᠬᠠᠤᠯᠢ ᠠᠴᠠ ᠵᠥᠷᠢᠴᠡᠭᠰᠡᠨ ᠦᠵᠡᠭᠳᠡᠯ ᠣᠯᠠᠨ ᠭᠠᠷᠳᠠᠭ ᠭᠠᠵᠠᠷ ᠢ ︽ᠣᠶᠢᠯᠭᠠᠨ | ᠵᠢᠭᠰᠠᠭᠠᠬᠤ︾ ᠪᠠᠷ ᠳᠠᠮᠵᠢᠭᠤᠯᠤᠨ᠂ ᠨᠠᠷᠢᠯᠢᠭ ᠣᠨᠣᠴᠠᠲᠠᠶ ᠪᠠᠷ ︽ᠴᠣᠬᠢᠯᠲᠠ ᠥᠭᠴᠦ︾᠂ ᠲᠤᠤᠷ ᠰᠠᠴᠤᠬᠤ | ᠰᠠᠮᠠᠭᠤᠨ ᠦᠵᠡᠭᠳᠡᠯ ᠢ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠲᠣᠭᠲᠠᠭᠠᠯ ᠢ ᠵᠥᠷᠢᠴᠡᠨ ᠵᠢᠭᠠᠰᠤ ᠭᠥᠬᠢᠳᠡᠵᠤ | ᠪᠠᠶᠢᠭ᠎ᠠ ᠬᠥᠮᠦᠰ ᠢ ᠴᠥᠮ ᠲᠤᠬᠠᠶ ᠶᠢᠨ ᠲᠠᠯᠠᠪᠤᠷ ᠲᠤᠨᠢ ᠬᠤᠷᠢᠭᠯᠠᠨ ᠵᠣᠭᠰᠣᠭᠠᠵᠤ᠂ ᠢᠳᠬᠠᠨ ᠰᠠᠨᠠᠭᠤᠯᠬᠤ ᠪᠤᠶᠤ | ᠬᠠᠷᠢᠶᠠᠲᠤ ᠣᠷᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ | ᠰᠢᠢᠳᠪᠦᠷᠢᠯᠡᠭᠦᠯᠦᠨ᠂ ᠬᠤᠪᠢ ᠪᠠᠷ ᠢᠶᠠᠨ ᠵᠢᠭᠠᠰᠤ ᠠᠩᠨᠠᠬᠤ ᠪᠠᠭᠠᠵᠢ ᠭᠠᠷᠭᠠᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠬᠤ ᠲᠦᠷᠢᠮ︾ ︽ᠬᠥᠬᠡᠬᠤᠲᠠ ᠶᠢᠨ ᠨᠤᠭᠤ ᠭᠠᠵᠠᠷ ᠢ ᠬᠠᠮᠠᠭᠠᠯᠠᠬᠤ | ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠲᠦᠷ ᠦᠯᠡᠳᠡᠭᠡᠨ ᠠᠪᠴᠤ᠂ ᠬᠤᠷᠢᠶᠠᠨ | ᠲᠤᠰᠢᠶᠠᠯᠭᠠᠨ᠎ᠠ᠃ | ᠲᠠᠷᠠᠭᠠᠴᠢ ᠶᠢᠨ ᠠᠯᠬᠤᠮ ᠳᠤ᠂ ᠬᠠᠷ᠎ᠠ ᠤᠰᠤ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ | ᠬᠠᠮᠠᠭᠠᠯᠠᠯᠲᠠ ᠶᠢᠨ ᠲᠥᠪ ᠬᠠᠤᠯᠢ ᠪᠤᠰᠤ ᠪᠠᠷ ᠠᠩᠨᠠᠵᠤ ᠱᠦᠭᠦᠬᠦ ᠠᠵᠢᠯᠯᠠᠭ᠎ᠠ ᠳᠤ ᠦᠷᠭᠦᠯᠵᠢᠯᠡᠨ ᠴᠢᠩᠭ᠎ᠠ | ᠴᠣᠬᠢᠯᠲᠠ ᠥᠭᠴᠦ᠂ ᠬᠠᠷᠢᠶ᠎ᠠ ᠣᠷᠣᠨ ᠤ ᠬᠡᠪ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠬᠠᠮᠠᠭᠠᠯᠠᠨ᠎ᠠ᠃ ᠨᠢᠭᠡ ᠳᠤ | ᠂ ᠪᠠᠷᠢᠪᠴᠢᠯᠠᠬᠤ ᠶᠢ ᠴᠠᠭᠠᠵᠠᠯᠠᠬᠤ ᠤᠬᠠᠭᠤᠯᠭ᠎ᠠ ᠶᠢ ᠴᠢᠩᠭᠠᠳᠬᠠᠵᠤ᠂ ᠤᠬᠠᠭᠤᠯᠤᠨ ᠵᠠᠷᠯᠠᠬᠤ᠂ ᠬᠥᠨᠳᠡᠯᠡᠨ | ᠪᠢᠴᠢᠭᠡᠰᠦ᠂ ᠲᠡᠮᠳᠡᠭ ᠫᠠᠶᠢᠰᠠ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠷᠠᠳᠢᠣ᠋ ᠨᠡᠪᠲᠡᠷᠡᠭᠦᠯᠭᠡ ᠵᠡᠷᠭᠡ ᠣᠯᠠᠨ | ᠬᠡᠯᠪᠡᠷᠢ ᠪᠠᠷ ᠪᠠᠷᠢᠪᠴᠢᠯᠠᠬᠤ ᠶᠢ ᠴᠠᠭᠠᠵᠠᠯᠠᠬᠤ ᠠᠵᠢᠯ ᠤᠨ ᠤᠬᠠᠭᠤᠯᠭ᠎ᠠ ᠶᠢ ᠥᠷᠨᠢᠭᠦᠯᠪᠡ᠃ ᠬᠤᠶᠠᠷ ᠲᠤ᠂ ᠡᠳᠦᠷ | ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ᠂ | ᠭᠤᠤᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ | ᠡᠷᠴᠢᠮ ᠪᠠ ᠲᠣᠭᠤᠷᠢᠨ ᠪᠠᠶᠢᠴᠠᠭᠠᠬᠤ ᠤᠳᠠᠭ᠎ᠠ ᠶᠢ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠬᠤᠯᠠᠭᠠᠶᠢᠯᠠᠨ | ᠪᠠᠷᠢᠪᠴᠢᠯᠠᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠭᠤᠷᠪᠠ ᠳᠤ᠂ ᠬᠠᠮᠲᠤᠷᠠᠨ ᠬᠠᠤᠯᠢ | ᠬᠡᠷᠡᠭᠵᠢᠭᠦᠯᠬᠦ ᠳᠠᠪᠲᠠᠮᠵᠢ ᠶᠢ ᠳᠡᠭᠡᠭᠰᠢᠯᠡᠭᠦᠯᠵᠦ᠂ ᠲᠣᠭᠲᠠᠭᠠᠯ ᠠᠴᠠ ᠵᠥᠷᠢᠴᠡᠨ ᠵᠢᠭᠠᠰᠤ ᠭᠥᠬᠢᠳᠡᠬᠦ᠂ ᠤᠰᠤᠨ | ᠣᠷᠣᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ |