ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠪᠴᠢᠶ᠎ᠠ ᠲᠠᠢ ᠬᠠᠮᠲᠤᠷᠠᠨ ᠨᠣᠯᠤᠤᠷ ᠤᠨ ᠪᠦᠲᠦᠭᠡᠭᠳᠡᠬᠦᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/8
    ᠨᠣᠯᠤᠤᠷ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠴᠢᠩᠭᠠᠳᠬᠠᠵᠤ ᠂ ᠨᠣᠯᠤᠤᠷ ᠦᠢᠯᠡᠳᠪᠦᠷᠢᠯᠡᠭᠴᠢ᠂ ᠡᠵᠡᠩᠨᠡᠭᠴᠢ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 1 ᠰᠠᠷ᠎ᠠ ᠶᠢᠨ 6 ᠤ ᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠭᠠᠨ᠎ᠠ ᠰᠠᠯᠠᠭᠠᠨ ᠳᠠᠷᠤᠭ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠩ ᠵᠧᠩ ᠰᠢᠶᠦ᠋ᠩ ᠲᠣᠪᠴᠢᠶᠠᠨ ᠳᠠᠷᠤᠭ᠎ᠠ ᠪᠦᠯᠬᠦᠮ ᠳᠠᠭᠠᠭᠤᠯᠤᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠦᠮᠡᠳ ᠵᠡᠭᠦᠨ ᠬᠤᠰᠢᠭᠤᠨ ᠳᠤ ᠨᠣᠯᠤᠤᠷ ᠤᠨ ᠪᠦᠲᠦᠭᠡᠭᠳᠡᠬᠦᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠰᠢᠷᠬᠡᠭ ᠤᠨ ᠠᠭᠤᠯᠤᠭᠳᠠᠴᠠ ᠶᠢᠨ ᠲᠡᠮᠳᠡᠭ ᠨᠢ ᠲᠣᠳᠣᠷᠬᠠᠶ ᠥᠬᠡᠶ᠂ ᠪᠦᠷᠢᠨ ᠪᠤᠰᠤ᠂ ᠵᠢᠷᠤᠮᠵᠢᠯ ᠥᠬᠡᠶ ᠪᠤᠶᠤ ᠥᠯᠥ ᠢᠯᠡᠳᠬᠡᠭᠰᠡᠨ ᠰᠢᠷᠬᠡᠭ ᠤᠨ ᠠᠭᠤᠯᠤᠭᠳᠠᠴᠠ᠂ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ᠂ ᠨᠣᠯᠤᠤᠷ ᠤᠨ ᠪᠦᠲᠦᠭᠡᠭᠳᠡᠬᠦᠨ ᠤ ᠪᠠᠷᠠᠭ᠎ᠠ ᠣᠷᠣᠭᠤᠯᠬᠤ ᠢᠷᠡᠯᠲᠡ ᠨᠢ ᠲᠣᠳᠣᠷᠬᠠᠶ ᠡᠰᠡᠬᠦ᠂ ᠨᠣᠯᠤᠤᠷ ᠤᠨ ᠪᠦᠲᠦᠭᠡᠭᠳᠡᠬᠦᠨ ᠳᠤ ᠬᠠᠭᠤᠷᠮᠠᠭ ᠢᠶᠠᠷ ᠦᠨᠡᠨ ᠢ ᠣᠷᠣᠯᠠᠭᠤᠯᠬᠤ᠂ ᠮᠠᠭᠤ ᠪᠠᠷ ᠰᠠᠶᠢᠨ ᠢ ᠣᠷᠣᠯᠠᠭᠤᠯᠬᠤ᠂ ᠡᠯᠳᠡᠪ ᠵᠦᠢᠯ ᠢ ᠬᠤᠯᠢᠵᠤ ᠬᠠᠭᠤᠷᠮᠠᠭ ᠢ ᠣᠷᠣᠯᠠᠭᠤᠯᠬᠤ᠂ ᠲᠡᠮᠳᠡᠭ ᠢ ᠬᠠᠭᠤᠷᠮᠠᠭ ᠢᠶᠠᠷ ᠲᠣᠳᠣᠷᠬᠠᠶᠢᠯᠠᠬᠤ᠂ ᠵᠢᠷᠤᠮᠵᠢᠯ ᠥᠬᠡᠶ ᠵᠡᠷᠭᠡ ᠦᠢᠯᠡ ᠠᠵᠢᠯᠯᠠᠭ᠎ᠠ ᠪᠠᠶᠢᠬᠤ ᠡᠰᠡᠬᠦ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠭᠤᠤᠯ ᠴᠣᠭᠴᠠ ᠶᠢ ᠰᠢᠮᠳᠠᠭᠤᠯᠵᠤ ᠪᠠᠶᠢᠭᠠᠳ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠶᠢ ᠴᠠᠭ ᠲᠤᠬᠠᠶ ᠳᠤᠨᠢ ᠥᠷᠨᠢᠭᠦᠯᠵᠦ᠂ ᠨᠣᠯᠤᠤᠷ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠣᠣᠰᠣ ᠨᠣᠯᠤᠤᠷ ᠤᠨ ᠪᠦᠲᠦᠭᠡᠭᠳᠡᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠷᠢᠶᠠᠲᠤ ᠣᠷᠣᠨ ᠤ ᠨᠣᠣᠰᠣ ᠨᠣᠯᠤᠤᠷ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠡᠵᠡᠩᠨᠡᠯᠲᠡ ᠶᠢᠨ ᠨᠢᠭᠡᠴᠡ ᠶᠢ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠪᠠᠶᠢᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢᠲᠡᠶ ᠪᠠᠶᠢᠬᠤ ᠶᠢ ᠬᠠᠤᠯᠢ ᠶᠣᠰᠣᠭᠠᠷ ᠡᠵᠡᠩᠨᠡᠬᠦ ᠶᠢ ᠰᠢᠮᠳᠠᠭᠤᠯᠵᠤ᠂ ᠨᠣᠣᠰᠣ ᠨᠣᠯᠤᠤᠷ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠲᠥᠪ ᠭᠤᠤᠯᠴᠢ ᠡᠮᠬᠢ ᠵᠢᠷᠤᠮ ᠲᠠᠢ ᠬᠡᠷᠡᠭᠯᠡᠭᠡᠨ ᠤ ᠣᠷᠴᠢᠨ ᠲᠣᠭᠤᠷᠢᠨ ᠢ ᠬᠠᠮᠠᠭᠠᠯᠠᠨ᠎ᠠ᠃
 
ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号