ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠬᠠᠶᠢᠷ᠎ᠠ ᠰᠡᠳᠬᠢᠯᠭᠡ ᠪᠠᠷ ᠬᠠᠨᠳᠢᠪᠯᠠᠬᠤ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/1/8
    ᠬᠠᠶᠢᠷ᠎ᠠ ᠬᠠᠯᠠᠮᠵᠢ ᠪᠠᠷ ᠡᠪᠦᠯ ᠤᠨ ᠡᠳᠦᠷ ᠤᠨ ᠳᠤᠯᠠᠭᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠡᠮᠳᠡᠭᠴᠦᠳ ᠲᠤ ᠨᠠᠮ ᠪᠠ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠡᠮᠳᠡᠭᠴᠦᠳ ᠢ ᠬᠠᠯᠠᠮᠵᠢᠯᠠᠵᠤ ᠪᠠᠶᠢᠬᠤ ᠶᠢ  ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ ᠂ ︽ᠵᠡᠮᠳᠡᠭᠴᠦᠳ ᠢ ᠲᠤᠰᠠᠯᠠᠵᠤ᠂ ᠡᠪᠦᠯ ᠢ ᠳᠤᠯᠠᠭᠠᠴᠠᠭᠤᠯᠬᠤ︾ ᠬᠠᠶᠢᠷ᠎ᠠ ᠬᠠᠯᠠᠮᠵᠢ ᠶᠢᠨ ᠬᠠᠨᠳᠢᠪᠯᠠᠬᠤ ᠠᠵᠢᠯᠯᠠᠭ᠎ᠠ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠳᠤ ᠶᠠᠪᠤᠭᠳᠠᠪᠠ᠃ ᠬᠥᠬᠡᠬᠤᠲᠠ ᠶᠢᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂  ᠽᠢ ᠴᠢᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠦᠴᠤᠸᠠᠨ ᠰᠢᠶᠠᠨ ᠤ ᠵᠡᠮᠳᠡᠭᠴᠦᠳ ᠤᠨ ᠬᠤᠯᠪᠣᠭ᠎ᠠ᠂ ᠴᠢᠩ ᠱᠦᠢ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ  ᠳᠤ ᠬᠠᠶᠢᠷ᠎ᠠ ᠬᠠᠯᠠᠮᠵᠢ ᠬᠠᠨᠳᠢᠪᠯᠠᠪᠠ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠲᠦᠮᠡᠳ ᠵᠡᠭᠦᠨ ᠬᠤᠰᠢᠭᠤᠨ ᠤ ᠬᠦᠴᠢᠷᠳᠡᠯᠲᠡᠶ ᠵᠡᠮᠳᠡᠭᠴᠦᠳ ᠤᠨ ᠲᠥᠯᠥᠭᠡᠯᠡᠭᠴᠢ ᠳᠤ ᠴᠠᠬᠢᠯᠭᠠᠨ ᠳᠤᠯᠠᠭᠠᠮᠵᠢ᠂ ᠢᠳᠡᠰᠢᠨ ᠲᠣᠰᠣ ᠬᠠᠨᠳᠢᠪᠯᠠᠪᠠ᠃ ᠲᠡᠳᠡ ᠶᠠᠭᠤᠮ᠎ᠠ ᠬᠡᠦᠮ᠎ᠡ ᠪᠠᠨ ᠠᠪᠴᠤ ᠦᠵᠡᠭᠡᠳ᠂ ᠨᠢᠳᠦᠨ ᠳᠤᠨᠢ ᠪᠠᠶᠠᠷ ᠤᠨ ᠣᠴᠢ ᠭᠢᠯᠠᠯᠵᠠᠨ᠎ᠠ᠃ ᠡᠨᠡ ᠪᠣᠯ ᠪᠣᠳᠠᠰ ᠤᠨ ᠲᠠᠯ᠎ᠠ ᠪᠠᠷ ᠬᠢ ᠬᠠᠪᠰᠤᠷᠤᠯᠭ᠎ᠠ ᠪᠣᠯᠬᠤ ᠪᠠᠷ ᠪᠠᠷᠠᠬᠤ ᠦᠭᠡᠢ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠬᠢ ᠲᠠᠶᠢᠳᠬᠤᠷᠠᠭᠤᠯᠤᠯ ᠪᠠᠶᠢᠵᠤ᠂ ᠵᠡᠮᠳᠡᠭᠴᠦᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠦᠨ᠎ᠡ᠃ ᠳᠠᠷᠠᠭ᠎ᠠ ᠨᠢ᠂ ᠬᠥᠬᠡᠬᠤᠲᠠ ᠶᠢᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠽᠢ ᠴᠢᠶᠠᠩ  ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠴᠢᠩ ᠱᠦᠢ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ᠂ ᠦᠴᠤᠸᠠᠨ ᠰᠢᠶᠠᠨ ᠤ ᠵᠡᠮᠳᠡᠭᠴᠦᠳ ᠤᠨ ᠬᠤᠯᠪᠣᠭ᠎ᠠ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠳᠤ ᠭᠦᠨᠵᠡᠭᠡᠶᠢᠷᠡᠵᠦ᠂ ᠡᠷᠬᠢᠨ ᠦᠵᠡᠵᠦ ᠲᠣᠬᠤᠨᠢᠭᠤᠯᠬᠤ ᠠᠵᠢᠯ ᠥᠷᠨᠢᠭᠦᠯᠪᠡ᠃ ᠺᠠᠳ᠋ᠷᠴᠤᠳ ᠬᠦᠴᠢᠷᠳᠡᠯᠲᠡᠶ ᠵᠡᠮᠳᠡᠭᠴᠦᠳ ᠵᠢᠴᠢ ᠲᠡᠳᠡᠨ ᠤ ᠬᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠲᠡᠳᠡᠨ ᠤ ᠠᠮᠢᠳᠤᠷᠠᠯ ᠳᠤ ᠢᠳᠡᠪᠬᠢᠲᠡᠶ ᠬᠠᠨᠳᠤᠬᠤ ᠶᠢ ᠵᠣᠷᠢᠭᠵᠢᠭᠤᠯᠬᠤ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠪᠡ᠃    ᠲᠣᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠨᠢᠭᠦᠯᠡᠰᠦᠩᠭᠦᠶ ᠶᠢᠨ ᠬᠠᠶᠢᠷ᠎ᠠ ᠬᠠᠯᠠᠮᠵᠢ ᠶᠢᠨ ᠳᠠᠮᠵᠢᠭᠤᠯᠭ᠎ᠠ᠂ ᠮᠥᠨ ᠴᠦ ᠨᠢᠭᠡ ᠤᠳᠠᠭᠠᠨ ᠤ ᠢᠳᠡᠪᠬᠢ ᠬᠦᠴᠦᠨ ᠤ ᠳᠠᠮᠵᠢᠭᠤᠯᠭ᠎ᠠ᠂ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠳᠣᠤᠷ᠎ᠠ᠂ ᠤᠯᠠᠮ ᠠᠴᠠ ᠤᠯᠠᠮ ᠣᠯᠠᠨ ᠬᠠᠶᠢᠷ᠎ᠠ ᠬᠠᠯᠠᠮᠵᠢ ᠲᠡᠯᠡᠶ ᠳᠤ ᠴᠤᠭᠯᠠᠷᠠᠵᠤ᠂ ᠤᠯᠠᠮ ᠠᠴᠠ ᠤᠯᠠᠮ ᠣᠯᠠᠨ ᠵᠡᠮᠳᠡᠭᠴᠦᠳ ᠤᠨ ᠨᠡᠶᠢᠭᠡᠮ ᠤᠨ ᠬᠠᠶᠢᠷ᠎ᠠ ᠬᠠᠯᠠᠮᠵᠢ ᠶᠢ ᠭᠥᠷᠳᠡᠬᠦ ᠶᠢ ᠢᠲᠡᠭᠡᠵᠦ ᠪᠠᠶᠢᠨ᠎ᠠ᠃ ᠬᠤᠶᠢᠰᠢᠳᠠ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠦᠷᠭᠦᠯᠵᠢᠯᠡᠨ ᠡᠨᠡ ᠬᠦ ᠬᠠᠶᠢᠷ᠎ᠠ ᠬᠠᠯᠠᠮᠵᠢ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号