ᠲᠦᠮᠡᠳ ᠵᠡᠭᠦᠨ ᠬᠤᠰᠢᠭᠤ᠄ ︽ᠮᠥᠰᠥ ᠴᠠᠰᠤᠨ ᠤ ᠦᠪᠡᠳᠡᠭᠰᠢ ᠨᠠᠶᠢᠷ︾ ᠶᠢᠨ ᠪᠡᠯᠡᠳᠬᠡᠯ ᠶᠠᠭᠠᠷᠠᠤ ᠪᠠᠶᠢᠨ᠎ᠠ
ᠨᠡᠶᠢᠲᠡᠯᠡᠭᠰᠡᠨ ᠴᠠᠭ᠄
2025/1/8
   ᠬᠡᠳᠦᠨ ᠡᠳᠦᠷ ᠤᠨ  ᠲᠤᠷᠰᠢ᠂ ᠲᠦᠮᠡᠳ ᠵᠡᠭᠦᠨ  ᠬᠤᠰᠢᠭᠤᠨ ᠤ ᠡᠯ᠎ᠡ ᠰᠠᠯᠠᠭ᠎ᠠ ᠮᠥᠴᠢᠷ ᠪᠣᠯᠤᠨ ᠬᠠᠷ᠎ᠠ ᠤᠰᠤ ᠦᠵᠡᠮᠵᠢ ᠶᠢᠨ ᠣᠷᠣᠨ ᠲᠠᠢ ᠤᠷᠢᠳᠴᠢᠯᠠᠨ ᠲᠥᠯᠥᠪᠯᠡᠵᠦ᠂ ᠭᠤᠷᠪᠠᠳᠤᠭᠠᠷ ᠬᠤᠭᠤᠴᠠᠭᠠᠨ ᠤ ᠡᠪᠦᠯ ᠤᠨ ᠠᠩᠨᠠᠯᠲᠠ ᠶᠢᠨ ᠨᠠᠶᠢᠷ ᠵᠢᠴᠢ ᠮᠥᠰᠥ ᠴᠠᠰᠤᠨ ᠤ ᠵᠤᠭᠠᠴᠠᠯ ᠤᠨ ᠤᠯᠠᠷᠢᠯ ᠤᠨ  ᠰᠢᠷᠢᠰ ᠠᠵᠢᠯᠯᠠᠭ᠎ᠠ ᠶᠢ ᠪᠠᠴᠢᠮ  ᠪᠡᠯᠡᠳᠭᠡᠪᠡ᠃    1 ᠰᠠᠷ᠎ᠠ ᠶᠢᠨ 7 ᠤ ᠦᠳᠡ ᠶᠢᠨ ᠡᠮᠦᠨ᠎ᠡ᠂ ᠬᠠᠷ᠎ᠠ ᠤᠰᠤ ᠨᠠᠭᠤᠷ ᠤᠨ ᠦᠵᠡᠮᠵᠢ ᠶᠢᠨ ᠣᠷᠣᠨ ᠤ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ ᠲᠡᠭ ᠠᠴᠠ ᠳᠣᠷᠣᠭᠰᠢ 14 ᠭᠷᠠᠳᠦ᠋ᠰ᠂ ᠲᠡᠰᠬᠢᠮ᠎ᠡ ᠬᠦᠢᠲᠡᠨ ᠰᠠᠯᠬᠢᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠬᠥᠳᠡᠯᠮᠦᠷᠢᠴᠢᠳ ᠬᠠᠬᠢᠷ ᠬᠦᠢᠲᠡᠨ ᠠᠭᠤᠷ ᠠᠮᠢᠰᠬᠤᠯ ᠢ ᠢᠯᠠᠨ ᠳᠠᠪᠠᠵᠤ᠂ ᠴᠠᠭ ᠨᠡᠮᠡᠵᠦ ᠠᠵᠢᠯᠯᠠᠨ ᠵᠢᠭᠤᠯᠴᠢᠯᠠᠭᠴᠢᠳ ᠤᠨ ᠡᠪᠦᠯ ᠤᠨ ᠡᠳᠦᠷ ᠤᠨ ︽ᠮᠥᠰᠥ ᠴᠠᠰᠤᠨ ᠤ ᠦᠪᠡᠳᠡᠭᠰᠢ ᠨᠠᠶᠢᠷ︾ ᠢ ᠪᠡᠯᠡᠳᠬᠡᠬᠦ ᠪᠠᠷ ᠴᠢᠷᠮᠠᠶᠢᠨ᠎ᠠ᠃    ᠭᠤᠷᠪᠠᠳᠤᠭᠠᠷ ᠬᠤᠭᠤᠴᠠᠭᠠᠨ ᠤ ᠡᠪᠦᠯ ᠤᠨ ᠠᠩᠨᠠᠯᠲᠠ ᠶᠢᠨ ᠨᠠᠶᠢᠷ ᠵᠢᠴᠢ ᠮᠥᠰᠥ ᠴᠠᠰᠤᠨ ᠤ ᠵᠤᠭᠠᠴᠠᠯ ᠤᠨ ᠤᠯᠠᠷᠢᠯ ᠤᠨ ᠰᠢᠷᠢᠰ ᠠᠵᠢᠯᠯᠠᠭ᠎ᠠ 1 ᠰᠠᠷ᠎ᠠ ᠶᠢᠨ 10 ᠤ ᠡᠳᠦᠷ ᠡᠬᠢᠯᠡᠬᠦ ᠪᠣᠯᠤᠨ᠎ᠠ᠂ ᠲᠤᠬᠠᠢ ᠶᠢᠨ ᠣᠢᠶ᠎ᠠ ᠳᠤ᠂ ᠬᠠᠷ᠎ᠠ ᠤᠰᠤ ᠦᠵᠡᠮᠵᠢ ᠶᠢᠨ ᠣᠷᠣᠨ ᠮᠥᠰᠥ ᠴᠠᠰᠤᠨ ᠤ ᠲᠣᠮᠣ ᠭᠤᠯᠭᠤᠭᠤᠷ ᠱᠠᠲᠤ᠂ ᠮᠥᠰᠥᠨ ᠳᠡᠭᠡᠷᠡᠬᠢ ᠮᠥᠷᠭᠦᠯᠳᠦᠬᠦ ᠲᠡᠷᠭᠡ᠂ ᠵᠡᠷᠭᠡ 16 ᠵᠦᠢᠯ ᠤᠨ ᠮᠥᠰᠥᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠢ ᠭᠠᠷᠭᠠᠨ᠎ᠠ᠃ ᠬᠠᠷ᠎ᠠ ᠤᠰᠤ ᠨᠠᠭᠤᠷ ᠳᠦᠷᠪᠡᠨ ᠳᠠᠯᠠᠢ ᠠᠴᠠ ᠢᠷᠡᠭᠰᠡᠨ ᠵᠤᠭᠠᠴᠠᠭᠰᠠᠳ ᠢ ᠬᠦᠯᠢᠶᠡᠨ ᠠᠪᠴᠤ ᠵᠤᠭᠠᠴᠠᠬᠤ ᠪᠠᠷ ᠪᠡᠯᠡᠳᠬᠡᠪᠡ᠃
C:\Users\bch\Desktop\1.08\1.08  图文封面.jpg
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号