ᠴᠠᠭᠠᠨ ᠰᠠᠷ᠎ᠠ ᠶᠢᠨ ᠠᠷᠪᠠᠨ ᠵᠢᠷᠭᠤᠭᠠᠨ ᠤ ᠣᠷᠣᠢ᠂ ᠪᠢᠴᠢᠭᠡᠴᠢ ᠪᠠᠯᠭᠠᠰᠤᠨ ᠤ ᠰᠥᠨᠢ ᠶᠢᠨ ᠣᠭᠲᠠᠷᠭᠤᠢ ᠳᠤ | ᠥᠩᠭᠡ ᠢᠯᠭᠠᠷᠠᠮ᠎ᠠ ᠬᠤᠸᠠᠷ ᠫᠤᠤᠵᠢᠩ ᠲᠠᠯᠪᠢᠵᠤ᠂ ᠨᠢᠭᠡ ᠤᠳᠠᠭᠠᠨ ᠤ ᠬᠠᠷᠠᠭᠠᠨ ᠰᠠᠷᠠᠯ ᠤᠨ ᠦᠪᠡᠳᠡᠭᠰᠢ | ᠳᠠᠶᠢᠯᠠᠯᠭ᠎ᠠ ᠶᠠᠪᠤᠭᠳᠠᠪᠠ᠃ ᠰᠥᠨᠢ ᠶᠢᠨ ᠣᠭᠲᠠᠷᠭᠤᠢ ᠳᠤ ᠭᠡᠭᠡᠨ ᠰᠠᠷ᠎ᠠ ᠡᠯᠭᠦᠵᠦ᠂ ᠦᠵᠡᠰᠬᠦᠯᠡᠩᠲᠦ ᠰᠠᠶᠢᠬᠠᠨ | ᠬᠤᠸᠠᠷ ᠫᠤᠤᠵᠢᠩ ᠳᠡᠯᠭᠡᠷᠡᠵᠦ᠂ ᠵᠡᠭᠡᠯᠢ ᠭᠤᠳᠤᠮᠵᠢ ᠪᠠᠷ ᠳ᠋ᠧᠩ ᠭᠢᠯᠠᠯᠵᠠᠨ᠂ ᠬᠥᠮᠦᠰ ᠨᠠᠭᠠᠰᠢ ᠴᠠᠭᠠᠰᠢ ᠬᠠᠷᠠᠶᠢᠵᠤ᠂ | ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ | ᠰᠦᠨᠢ ᠶᠢᠨ ᠬᠦᠰᠢᠬᠡ ᠪᠠᠭᠤᠬᠤ ᠶᠢ ᠲᠠᠭᠠᠯᠳᠤᠨ ᠪᠢᠴᠢᠭᠡᠴᠢ ᠪᠠᠯᠭᠠᠰᠤᠨ ᠤ ᠵᠡᠭᠡᠯᠢ ᠭᠤᠳᠤᠮᠵᠢ ᠪᠠᠷ ᠬᠦᠮᠦᠰ | ᠠᠯᠢ ᠡᠷᠲᠡ ᠴᠤᠭᠯᠠᠷᠠᠵᠤ᠂ ᠰᠦᠨᠢ ᠶᠢᠨ 8 ᠴᠠᠭ ᠲᠤ᠂ ᠠᠩᠬᠠᠳᠠᠭᠴᠢ ᠬᠤᠸᠠᠷ ᠫᠤᠤᠵᠢᠩ ᠤᠨ ᠰᠦᠨᠢ ᠶᠢᠨ | ᠣᠭᠲᠠᠷᠭᠤᠢ ᠳᠤ ᠪᠠᠳᠠᠷᠠᠨ ᠳᠡᠯᠭᠡᠷᠡᠭᠰᠡᠨ ᠢ ᠳᠠᠭᠠᠯᠳᠤᠨ᠂ ᠣᠭᠲᠠᠷᠭᠤᠢ ᠳᠤ ᠬᠤᠷᠣᠮᠬᠠᠨ ᠵᠠᠭᠤᠷ᠎ᠠ ᠥᠩᠭᠡ ᠢᠯᠭᠠᠷᠠᠨ | ᠬᠠᠷᠠᠭᠳᠠᠨ᠎ᠠ᠃ ᠬᠤᠸᠠᠷ ᠫᠤᠤᠵᠢᠩ ᠤᠨ ᠲᠥᠷᠥᠯ ᠵᠦᠢᠯ ᠣᠯᠠᠨ᠂ ᠵᠠᠷᠢᠮ ᠨᠢ ᠬᠦᠷᠬᠢᠷ᠎ᠡ ᠮᠡᠲᠦ ᠴᠢᠳᠬᠤᠵᠤ᠂ | ᠵᠠᠷᠢᠮ ᠨᠢ ᠣᠳᠣᠨ ᠮᠡᠴᠢᠳ ᠰᠢᠭ ᠭᠢᠯᠠᠯᠵᠠᠨ᠂ ᠪᠠᠰᠠ ᠵᠠᠷᠢᠮ ᠨᠢ ᠬᠤᠸᠠᠷ ᠴᠡᠴᠡᠭ ᠮᠡᠲᠦ ᠳᠡᠯᠭᠡᠷᠡᠨ᠎ᠡ᠃ | ᠮᠠᠰᠢ ᠣᠯᠠᠨ ᠭᠡᠷ ᠪᠦᠯᠢ ᠠᠯᠢ ᠡᠷᠲᠡ ᠲᠤᠬᠠᠢ ᠶᠢᠨ ᠲᠠᠯᠠᠪᠠᠢ ᠳᠤ ᠢᠷᠡᠵᠦ᠂ ᠬᠡᠦᠬᠡᠳ ᠢᠶᠠᠨ ᠳᠠᠭᠠᠭᠤᠯᠤᠨ ᠡᠨᠡ | ᠬᠦ ᠥᠪᠡᠷᠮᠢᠴᠡ ᠣᠨᠴᠠᠯᠢᠭ ᠲᠠᠢ ᠵᠢᠯ ᠤᠨ ᠦᠨᠦᠷ ᠠᠮᠲᠠ ᠶᠢ ᠣᠶᠢᠯᠠᠭᠠᠪᠠ᠃ ᠵᠠᠯᠠᠭᠤ ᠬᠥᠮᠥᠰ ᠪᠦᠷ ᠭᠠᠷ | ᠤᠲᠠᠰᠤ ᠪᠠᠨ ᠠᠪᠴᠤ᠂ ᠡᠨᠡ ᠰᠠᠶᠢᠨ ᠰᠠᠶᠢᠬᠠᠨ ᠭᠱᠠᠨ ᠵᠠᠭᠤᠷ᠎ᠠ ᠶᠢ ᠲᠡᠮᠳᠡᠭᠯᠡᠨ᠂ ᠨᠠᠶᠢᠵᠠ ᠶᠢᠨ ᠲᠣᠭᠤᠷᠢᠭ ᠲᠤ ᠪᠠᠨ | ᠬᠤᠪᠢᠶᠠᠯᠴᠠᠨ᠎ᠠ᠃ | ᠬᠠᠮᠤᠭ ᠰᠡᠭᠦᠯᠴᠢ ᠶᠢᠨ ᠨᠢᠭᠡ ᠬᠤᠸᠠᠷ ᠫᠤᠤᠵᠢᠩ ᠰᠥᠨᠢ ᠶᠢᠨ ᠣᠭᠲᠠᠷᠭᠤᠢ ᠳᠤ ᠠᠭᠠᠵᠢᠮ ᠢᠶᠠᠷ ᠠᠷᠢᠯᠬᠤ ᠶᠢ | ᠳᠠᠭᠠᠯᠳᠤᠨ ᠬᠤᠸᠠᠷ ᠫᠤᠤᠵᠢᠩ ᠤᠨ ᠦᠪᠡᠳᠡᠭᠰᠢ ᠶᠣᠰᠣᠯᠠᠯ ᠲᠡᠭᠦᠰ ᠠᠮᠵᠢᠯᠲᠠ ᠲᠠᠢ ᠥᠨᠳᠥᠷᠯᠡᠪᠡ᠃ ᠲᠣᠰ | ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠬᠠᠷᠠᠭᠠᠨ ᠤ ᠦᠪᠡᠳᠡᠭᠰᠢ ᠨᠠᠶᠢᠷ ᠪᠣᠯᠬᠤ ᠪᠠᠷ ᠪᠠᠷᠠᠬᠤ ᠥᠬᠡᠶ᠂ ᠨᠠᠩ | ᠴᠤ ᠰᠣᠶᠣᠯ ᠤᠨ ᠤᠯᠠᠮᠵᠢᠯᠠᠯ ᠪᠠ ᠬᠠᠶᠢᠷ᠎ᠠ ᠰᠡᠳᠬᠢᠯᠭᠡ ᠶᠢᠨ ᠨᠢᠭᠲᠠᠷᠠᠯ ᠪᠠᠶᠢᠵᠤ᠂ ᠣᠯᠠᠨ ᠳᠤ ᠪᠠᠶᠠᠷ ᠤᠨ ᠡᠳᠦᠷ ᠤᠨ | ᠠᠭᠤᠷ ᠠᠮᠢᠰᠬᠤᠯ ᠢ ᠪᠠᠶᠠᠷ ᠬᠥᠷ ᠲᠠᠢ ᠰᠠᠨᠠᠭᠳᠠᠭᠤᠯᠤᠨ᠎ᠠ᠃ | | | |