ᠲᠦᠮᠡᠳ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠤᠷᠤᠭ ᠤᠨ ᠶᠠᠪᠤᠳᠠᠯ ᠤᠨ ᠬᠠᠤᠯᠢ ᠲᠦᠭᠡᠮᠡᠯᠵᠢᠭᠦᠯᠬᠦ ᠪᠠ ᠤᠷᠤᠭᠯᠠᠬᠤ ᠵᠠᠩ ᠦᠢᠯᠡ ᠶᠢᠨ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/17
    ᠠᠵᠢᠯᠴᠢ ᠠᠷᠪᠢᠴᠢ ᠪᠠᠷ ᠪᠠᠶᠠᠷ ᠤᠨ ᠶᠠᠪᠤᠳᠠᠯ ᠢ ᠳᠥᠭᠦᠮᠴᠢᠯᠡᠨ ᠰᠢᠢᠳᠪᠦᠷᠢᠯᠡᠬᠦ᠂ ᠵᠠᠩ ᠳᠠᠳᠬᠠᠯ ᠢ ᠥᠭᠡᠷᠡᠴᠢᠯᠡᠬᠦ ᠪᠠᠶᠠᠷ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠬᠦ ᠶᠢ ᠤᠯᠠᠮ ᠨᠢᠭᠡ ᠠᠯᠬᠤᠮ ᠰᠠᠨᠠᠭᠠᠴᠢᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠤᠷᠤᠭ ᠭᠡᠷ ᠪᠦᠯᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠶᠢᠷᠡᠭᠦᠯᠵᠦ᠂ 2 ᠰᠠᠷ᠎ᠠ ᠶᠢᠨ 14 ᠤ ᠡᠳᠦᠷ᠂ ᠲᠦᠮᠡᠳ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠤᠷᠤᠭ ᠤᠨ ᠶᠠᠪᠤᠳᠠᠯ ᠤᠨ ᠬᠠᠤᠯᠢ ᠲᠦᠭᠡᠮᠡᠯᠵᠢᠭᠦᠯᠬᠦ ᠪᠠ ᠤᠷᠤᠭᠯᠠᠬᠤ ᠵᠠᠩ ᠳᠠᠳᠬᠠᠯ ᠤᠨ ᠰᠣᠶᠣᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠤᠷᠢᠳᠴᠢᠯᠠᠨ ᠳᠠᠩᠰᠠᠯᠠᠭᠤᠯᠬᠤ ᠪᠠᠷ ᠢᠷᠡᠭᠰᠡᠨ ᠰᠢᠨ᠎ᠡ ᠬᠥᠮᠦᠰ ︽ᠢᠷᠭᠡᠨ ᠤ ᠬᠠᠤᠯᠢ ᠶᠢᠨ ᠪᠢᠴᠢᠭ ᠤᠨ ᠤᠷᠤᠭ ᠭᠡᠷ ᠪᠦᠯᠢ ᠶᠢᠨ ᠴᠤᠭᠯᠠᠷᠠᠯ ᠤᠨ ᠲᠠᠶᠢᠯᠤᠮᠵᠢ︾᠂ ︽ᠪᠠᠶᠠᠷ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠬᠦ ᠰᠠᠨᠠᠭᠠᠴᠢᠯᠠᠭ᠎ᠠ ᠶᠢᠨ ᠪᠢᠴᠢᠭ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠰᠢᠨ᠎ᠡ ᠬᠥᠮᠦᠰ ᠢ ᠵᠣᠬᠢᠶᠠᠨ ᠪᠠᠶᠢᠭᠤᠯᠤᠨ ︽ᠢᠷᠭᠡᠨ ᠤ ᠬᠠᠤᠯᠢ ᠶᠢᠨ ᠪᠢᠴᠢᠭ︾ ᠲᠠᠬᠢ ᠤᠷᠤᠭ ᠭᠡᠷ ᠪᠦᠯᠢ ᠳᠤ ᠬᠤᠯᠪᠣᠭᠳᠠᠬᠤ ᠬᠠᠤᠯᠢ ᠴᠠᠭᠠᠵᠠ ᠶᠢᠨ ᠮᠡᠳᠡᠯᠭᠡ ᠶᠢᠨ ᠴᠡᠭ ᠪᠣᠯᠤᠨ ᠤᠷᠤᠭ ᠳᠠᠩᠰᠠᠯᠠᠯ ᠤᠨ ᠬᠠᠤᠯᠢ ᠳᠤ ᠲᠣᠭᠲᠠᠭᠠᠭᠰᠠᠨ ᠶᠠᠪᠤᠴᠠ ᠶᠢ ᠰᠤᠷᠤᠯᠴᠠᠭᠤᠯᠬᠤ ᠶᠢᠨ ᠬᠠᠮᠲᠤ ᠰᠢᠨ᠎ᠡ ᠤᠷᠤᠭ ᠤᠨ ᠵᠠᠩᠰᠢᠯ ᠤᠨ ᠰᠣᠶᠣᠯ ᠢ ᠢᠳᠡᠪᠬᠢᠲᠡᠢ ᠰᠠᠨᠠᠭᠠᠴᠢᠯᠠᠵᠤ᠂ ᠤᠯᠠᠨ ᠢ ᠥᠨᠳᠥᠷ ᠦᠨ᠎ᠡ ᠪᠠᠷ ᠪᠣᠭᠲᠤᠯᠠᠬᠤ ᠪᠡᠯᠡᠭ ᠢ ᠡᠰᠡᠷᠭᠦᠴᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢ ᠤᠷᠢᠶᠠᠯᠠᠪᠠ ᠃ ᠤᠷᠤᠭ ᠤᠨ ᠶᠠᠪᠤᠳᠠᠯ ᠢ ᠰᠢᠨ᠎ᠡ ᠪᠠᠷ ᠬᠢᠵᠦ᠂ ᠬᠡᠪ ᠵᠠᠩᠰᠢᠯ ᠢ ᠥᠭᠡᠷᠡᠴᠢᠯᠡᠨ᠎ᠡ ᠃ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠦ ᠤᠷᠢᠶᠠᠯᠠᠪᠠ᠃ ᠰᠢᠨ᠎ᠡ ᠬᠥᠮᠦᠰ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠬᠤ ᠶᠢ ᠵᠣᠷᠢᠭᠵᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠶᠢᠷᠡᠭᠦᠯᠵᠦ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠦᠢᠯᠡᠳᠦᠯᠭᠡᠵᠢᠭᠦᠯᠦᠭᠴᠢ ᠪᠣᠯᠬᠤ ᠶᠢ ᠵᠣᠷᠢᠭᠵᠢᠭᠤᠯᠤᠨ᠎ᠠ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠡᠯᠪᠡᠭ ᠪᠠᠶᠠᠯᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠷᠤᠭᠯᠠᠬᠤ ᠪᠤᠯᠬᠢ ᠵᠠᠩ ᠳᠠᠳᠬᠠᠯ ᠵᠡᠷᠭᠡ ᠨᠡᠶᠢᠭᠡᠮ ᠤᠨ ᠮᠠᠭᠤ ᠰᠤᠷᠲᠠᠯ ᠢ ᠬᠤᠷᠢᠭᠯᠠᠵᠤ᠂ ᠤᠷᠤᠭ ᠤᠨ ᠶᠠᠪᠤᠳᠠᠯ ᠢ ᠰᠢᠨ᠎ᠡ ᠪᠠᠷ ᠭᠦᠢᠴᠡᠳᠭᠡᠬᠦ ᠶᠢ ᠰᠠᠨᠠᠭᠠᠴᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠥᠭᠡᠳᠡᠷᠬᠡᠭ ᠤᠷᠤᠭ ᠤᠨ ᠵᠠᠩᠰᠢᠯ ᠤᠨ ᠣᠶᠢᠯᠠᠭᠠᠭᠳᠠᠬᠤᠨ ᠢ ᠪᠠᠳᠠᠷᠠᠭᠤᠯᠵᠤ᠂ ᠤᠯᠠᠮᠵᠢᠯᠠᠯᠲᠤ ᠰᠣᠶᠣᠯ ᠢ ᠴᠠᠭ ᠦᠶ᠎ᠡ ᠶᠢᠨ ᠣᠨᠣᠯᠵᠢᠬᠤᠨ ᠲᠠᠢ ᠠᠭᠤᠰᠤᠯᠴᠠᠭᠤᠯᠵᠤ᠂ ᠤᠷᠤᠭ ᠤᠨ ᠵᠣᠯ ᠵᠢᠷᠭᠠᠯ ᠢ ᠬᠡᠷ ᠪᠦᠯᠢ ᠶᠢᠨ ᠡᠶ᠎ᠡ ᠵᠣᠬᠢᠴᠠᠯ ᠲᠠᠢ ᠣᠷᠳᠣ ᠬᠤᠭᠤᠴᠠᠭ᠎ᠠ ᠪᠠᠷ ᠳᠠᠭᠠᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号