ᠪᠢᠴᠢᠭᠡᠴᠢ ᠪᠠᠯᠭᠠᠰᠤ᠄ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/2/18
    ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠠᠶᠤᠯᠭᠦᠶ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠪᠢᠴᠢᠭᠡᠴᠢ ᠪᠠᠯᠭᠠᠰᠤᠨ ᠤ ᠳᠡᠳ᠋ ᠳᠠᠷᠤᠭ᠎ᠠ ᠶᠠᠩ ᠶᠦᠩ ᠰᠢᠶᠠᠩ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠠᠵᠢᠯᠲᠠᠨ ᠢ ᠳᠠᠭᠠᠭᠤᠯᠤᠨ ᠬᠠᠷᠢᠶᠠᠲᠤ ᠣᠷᠣᠨ ᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠨᠠᠷᠢᠨ ᠨᠢᠮᠪᠠᠶ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠶᠢᠨ ᠬᠠᠮᠢᠶ᠎ᠠ ᠪᠥᠬᠦᠶ ᠠᠵᠢᠯᠲᠠᠨ ᠪᠠᠯᠭᠠᠰᠤᠨ ᠤ ᠳᠣᠲᠣᠷᠠᠬᠢ ᠭᠤᠤᠯᠳᠠᠯᠭ᠎ᠠ ᠲᠠᠢ ᠠᠵᠤ ᠠᠬᠤᠶᠢᠯᠠᠯ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠭᠠᠯ ᠤᠨᠲᠠᠷᠠᠭᠠᠬᠤ ᠪᠡᠯᠡᠳᠬᠡᠮᠵᠢ ᠵᠡᠷᠭᠡ ᠶᠢᠨ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠡᠰᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ ᠪᠠᠶᠢᠬᠤ ᠡᠰᠡᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠠᠵᠢᠯᠯᠠᠵᠤ ᠪᠠᠶᠢᠭ᠎ᠠ ᠬᠥᠮᠦᠰ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ ᠶᠢ ᠨᠠᠷᠢᠨ ᠪᠠᠶᠢᠴᠠᠭᠠᠪᠠ᠃ ᠡᠭᠦᠨ ᠠᠴᠠ ᠭᠠᠳᠠᠨ᠎ᠠ᠂ ᠬᠠᠮᠢᠶ᠎ᠠ ᠪᠥᠬᠦᠶ ᠬᠥᠮᠦᠰ ᠠᠵᠢᠯ ᠤᠨ ᠲᠤᠬᠠᠶ ᠶᠢᠨ ᠲᠠᠯᠠᠪᠤᠷ ᠲᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠠᠵᠢᠯ ᠤᠨ ᠲᠤᠬᠠᠶ ᠶᠢᠨ ᠲᠠᠯᠠᠪᠤᠷ ᠲᠤ ︽ᠭᠤᠷᠪᠠ ᠶᠢ ᠵᠥᠷᠢᠴᠡᠬᠦ︾ ᠦᠵᠡᠭᠳᠡᠯ ᠣᠷᠣᠰᠢᠵᠤ ᠪᠠᠶᠢᠬᠤ ᠡᠰᠡᠬᠦ ︵ᠲᠦᠷᠢᠮ ᠠᠴᠠ ᠵᠥᠷᠢᠴᠡᠨ ᠵᠢᠯᠣᠭᠤᠳᠬᠤ᠂ ᠲᠣᠭᠲᠠᠭᠠᠯ ᠠᠴᠠ ᠵᠥᠷᠢᠴᠡᠨ ᠠᠵᠢᠯᠯᠠᠬᠤ᠂ ᠬᠥᠳᠡᠯᠮᠦᠷᠢ ᠶᠢᠨ ᠰᠠᠬᠢᠯᠭ᠎ᠠ ᠪᠠᠲᠤ ᠠᠴᠠ ᠵᠥᠷᠢᠴᠡᠬᠦ︶᠂ ᠠᠶᠤᠯᠲᠠᠶ ᠠᠵᠢᠯ ᠢ ᠬᠢᠨᠠᠨ ᠵᠥᠪᠰᠢᠶᠡᠷᠡᠬᠦ ᠲᠦᠷᠢᠮ ᠢ ᠬᠡᠷᠡᠭᠵᠢᠭᠦᠯᠦᠭᠰᠡᠨ ᠡᠰᠡᠬᠦ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠨᠢ ᠪᠦᠷᠢᠨ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠴᠠ ᠡᠮᠦᠨ᠎ᠡ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠪᠠᠶᠢᠳᠠᠯ ᠢ ᠣᠶᠢᠯᠠᠭᠠᠵᠤ᠂ ᠰᠢᠨ᠎ᠡ ᠠᠵᠢᠯᠲᠠᠨ ᠠᠵᠢᠯᠴᠢᠨ ᠤ ᠠᠵᠢᠯ ᠳᠤ ᠣᠷᠣᠬᠤ ᠪᠣᠯᠪᠠᠰᠤᠷᠠᠭᠤᠯᠤᠯ᠂ ᠠᠬᠠᠮᠠᠳ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠰᠡᠷᠭᠦᠭᠡᠬᠦ ᠪᠣᠯᠪᠠᠰᠤᠷᠠᠭᠤᠯᠤᠯ ᠵᠡᠷᠭᠡ ᠶᠢ ᠪᠠᠭᠲᠠᠭᠠᠵᠤ᠂ ᠠᠵᠢᠯᠲᠠᠨ ᠠᠵᠢᠯᠴᠢᠨ ᠤ ᠴᠢᠬᠤᠯᠠ ᠪᠥᠬᠦᠶ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠪᠠ ᠠᠵᠢᠯᠯᠠᠬᠤ ᠤᠷ᠎ᠠ ᠴᠢᠳᠠᠪᠤᠷᠢ ᠶᠢ ᠪᠦᠷᠢᠯᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠡᠰᠡᠭ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠪᠢᠴᠢᠭᠡᠴᠢ ᠪᠠᠯᠭᠠᠰᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号