ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠣᠨᠣᠯ ᠰᠤᠳᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
    ᠪᠠᠶᠢᠴᠠᠭᠠᠬᠤ ᠤᠨᠤᠯ ᠤᠨ ᠰᠤᠳᠤᠯᠭᠠᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠤᠨᠤᠯ ᠤᠨ ᠰᠤᠳᠤᠯᠭᠠᠨ ᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 17 ᠤ ᠡᠳᠦᠷ᠂ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶ᠎ᠠ ᠪᠥᠬᠦ ᠬᠤᠷᠢᠶᠠᠨ ᠤ ᠪᠠᠶᠢᠴᠠᠭᠠᠬᠤ ᠣᠨᠣᠯ ᠤᠨ ᠰᠤᠳᠤᠯᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠬᠤᠪᠢᠳᠠᠨ ᠬᠠᠮᠢᠶᠠᠷᠬᠤ ᠬᠤᠷᠢᠶᠠᠨ ᠤ ᠤᠳᠤᠷᠢᠳᠤᠯᠭ᠎ᠠ ᠠᠴᠠ ᠲᠦᠮᠡᠳ ᠵᠡᠭᠦᠨ ᠬᠤᠰᠢᠭᠤᠨ ᠤ ᠪᠠᠶᠢᠴᠠᠭᠠᠬᠤ ᠬᠤᠷᠢᠶᠠᠨ ᠤ 2024 ᠣᠨ ᠤ ᠪᠠᠶᠢᠴᠠᠭᠠᠬᠤ ᠣᠨᠣᠯ ᠤᠨ ᠰᠤᠳᠤᠯᠭᠠᠨ ᠤ ᠠᠵᠢᠯ ᠢ ᠪᠡᠶᠡᠯᠡᠭᠦᠯᠦᠭᠰᠡᠨ ᠪᠠᠶᠢᠳᠠᠯ᠂ ᠬᠦᠷᠦᠯᠴᠡᠬᠦ ᠥᠬᠡᠶ ᠲᠠᠯ᠎ᠠ ᠶᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠪᠠᠶᠢᠴᠠᠭᠠᠬᠤ ᠣᠨᠣᠯ ᠤᠨ ᠰᠤᠳᠤᠯᠭᠠᠨ ᠤ ᠠᠵᠢᠯ ᠢ ᠰᠠᠶᠢᠲᠤᠷ ᠬᠢᠬᠦ ᠲᠤᠬᠠᠶ ᠰᠠᠨᠠᠭᠤᠯᠭ᠎ᠠ ᠳᠤᠷᠠᠳᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠠᠶᠢᠴᠠᠭᠠᠬᠤ ᠤᠨᠤᠯ ᠤᠨ ᠰᠤᠳᠤᠯᠭᠠᠨ ᠪᠣᠯ ᠣᠳᠣᠬᠠᠨ ᠤ ᠪᠠᠶᠢᠴᠠᠭᠠᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠂ ᠪᠦᠬᠦ ᠪᠠᠶᠢᠴᠠᠭᠠᠬᠤ ᠠᠵᠢᠯᠲᠠᠳ ᠪᠠᠶᠢᠴᠠᠭᠠᠬᠤ ᠤᠨᠤᠯ ᠤᠨ ᠰᠤᠳᠤᠯᠭᠠᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠠᠶᠢᠴᠠᠭᠠᠬᠤ ᠤᠨᠤᠯ ᠤᠨ ᠰᠤᠳᠤᠯᠭᠠᠨ ᠤ ᠠᠵᠢᠯ ᠳᠤ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠢᠳᠡᠪᠬᠢᠲᠡᠢ ᠪᠠᠷ ᠡᠬᠡ ᠪᠢᠴᠢᠭ ᠥᠭᠴᠦ᠂ ᠠᠳᠠᠯᠢᠳᠬᠠᠬᠤ᠂ ᠰᠤᠷᠤᠯᠴᠠᠬᠤ᠂ ᠭᠦᠢᠴᠡᠬᠦ᠂ ᠳᠠᠪᠠᠭ᠋ᠤ᠂ ᠪᠠᠶᠢᠴᠠᠭᠠᠬᠤ ᠤᠨᠤᠯ ᠤᠨ ᠰᠤᠳᠤᠯᠭᠠᠨ ᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠲᠤᠰ ᠵᠢᠯ ᠤᠨ ᠲᠤᠭᠤᠷᠪᠢᠨ ᠪᠢᠴᠢᠬᠦ ᠡᠭᠦᠷᠭᠡ ᠶᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ︽ᠲᠦᠮᠡᠳ ᠵᠡᠭᠦᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠠᠵᠢᠯᠲᠠᠨ ᠤ ᠣᠨᠣᠯ ᠤᠨ ᠰᠤᠳᠤᠯᠭᠠᠨ ᠤ ᠠᠵᠢᠯ ᠤᠨ ᠠᠷᠭ᠎ᠠ︾ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ᠂ ᠮᠥᠷᠳᠡᠨ ᠬᠢᠨᠠᠨ ᠵᠢᠯᠣᠭᠤᠳᠬᠤ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠶᠢ ᠡᠷᠬᠢᠮᠯᠡᠬᠦ ᠣᠨᠣᠯ ᠤᠨ ᠰᠤᠳᠤᠯᠭᠠᠨ ᠤ ᠠᠵᠢᠯ ᠤᠨ ᠲᠣᠭᠲᠠᠴᠠ ᠶᠢ ᠪᠣᠶ ᠪᠣᠯᠭᠠᠵᠤ᠂ ᠣᠨᠣᠯ ᠤᠨ ᠵᠣᠬᠢᠶᠠᠯ ᠤᠨ ᠪᠡᠶᠡᠯᠡᠭᠳᠡᠯ ᠤᠨ ᠴᠢᠨᠠᠷ ᠰᠠᠶᠢᠲᠠᠶ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠦᠷᠭᠡᠨ ᠪᠠᠶᠢᠬᠤ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠣᠨᠣᠯ ᠤᠨ ᠰᠤᠳᠤᠯᠭᠠᠨ ᠤ ᠡᠩᠨᠡᠭᠡ ᠶᠢ ᠪᠠᠶᠢᠭᠤᠯᠵᠤ᠂ ᠮᠠᠨ ᠤ ᠬᠤᠷᠢᠶᠠᠨ ᠤ ᠪᠠᠶᠢᠴᠠᠭᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠪᠠᠶᠢᠴᠠᠭᠠᠬᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号