ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 17 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 17 ᠤ ᠦᠳᠡ ᠶᠢᠨ ᠡᠮᠦᠨ᠎ᠡ ᠪᠡᠭᠡᠵᠢᠩ ᠳᠤ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠲᠡᠷᠡ᠂ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ | ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ ᠬᠤᠪᠢᠷᠠᠭᠤᠯᠵᠤ | ᠪᠤᠯᠬᠤ ᠦᠭᠡᠢ᠂ ᠬᠤᠪᠢᠷᠠᠬᠤ ᠴᠤ ᠦᠭᠡᠢ ᠶᠤᠮ᠃ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ ᠶᠡᠭᠡ ᠡᠷᠡᠮᠡᠯᠵᠡᠯ ᠲᠠᠢ ᠪᠠᠶᠢᠵᠤ᠂ ᠥᠷᠭᠡᠨ ᠤᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠶᠠᠭ ᠡᠷᠳᠡᠮ | ᠴᠢᠳᠠᠯ ᠢᠶᠠᠨ ᠶᠡᠭᠡ ᠪᠠᠷ ᠭᠠᠶᠢᠬᠠᠭᠤᠯᠬᠤ ᠴᠠᠭ ᠪᠣᠯᠪᠠ᠃ ᠦᠵᠡᠯ ᠰᠠᠨᠠᠭ᠎ᠠ ᠪᠠᠨ ᠨᠢᠭᠡᠳᠬᠡᠨ᠂ ᠢᠲᠡᠭᠡᠯ ᠵᠣᠷᠢᠭ ᠢᠶᠠᠨ | ᠪᠠᠲᠤᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ | ᠠᠬᠢᠭᠤᠯᠬᠤ ᠬᠡᠷᠡᠭᠲᠡᠢ᠃ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠬᠡᠬᠦᠳᠡᠭ ᠴᠡᠭᠡᠵᠢᠨ ᠳᠡᠭᠡᠨ ᠡᠬᠡ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠢ | ᠡᠪᠦᠷᠯᠡᠨ᠂ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠵᠦ᠂ ᠬᠠᠤᠯᠢ ᠶᠢ ᠵᠢᠷᠤᠮᠯᠠᠨ ᠴᠢᠳᠠᠮᠠᠭᠠᠢ ᠡᠵᠡᠩᠨᠡᠵᠦ᠂ | ᠤᠷᠢᠳ ᠢᠶᠠᠷ ᠪᠠᠶᠠᠵᠢᠬᠤ ᠪᠠᠷ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | | | | | | 2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠪᠡᠭᠡᠵᠢᠩ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠤᠷᠤᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ | ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ | ᠶᠠᠷᠢᠯᠴᠠᠬᠤ ᠬᠤᠷᠠᠯ ᠢ ᠡᠷᠭᠢᠯᠡᠵᠠᠢ᠃ | ᠶᠠᠷᠢᠯᠴᠠᠬᠤ ᠬᠤᠷᠠᠯ ᠳᠡᠭᠡᠷ᠎ᠡ᠂ ᠬᠤᠸᠠ ᠸᠧᠢ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠲᠡᠷᠢᠭᠦᠨ ᠭᠦᠢᠴᠡᠳᠭᠡᠭᠴᠢ | ᠲᠤᠰᠢᠶᠠᠯᠲᠠᠨ ᠷᠧᠨ ᠵᠧᠩ ᠹᠧᠢ᠂ ᠪᠢ ᠶᠠ ᠳ᠋ᠢ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠸᠠᠩ ᠴᠤᠸᠠᠨ ᠹᠦ᠋᠂ ᠰᠢᠨ ᠰᠢ ᠸᠠᠩ ᠰᠲ᠋ᠣᠺ ᠡᠵᠡᠮᠰᠢᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠯᠢᠦ ᠶᠦᠩ ᠬᠤᠤ᠂ ᠱᠠᠩᠬᠠᠢ ᠶᠢᠨ ᠸᠧᠢ ᠡᠯ ᠬᠠᠭᠠᠰ ᠳᠠᠮᠵᠢᠭᠤᠯᠤᠭᠴᠢ ᠶᠢᠨ ᠬᠤᠪᠢᠴᠠᠭᠠᠲᠤ | ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠷᠧᠨ ᠷᠦᠩ᠂ ᠬᠠᠩᠵᠧᠦ ᠶᠢᠨ ᠢᠦᠢ ᠱᠣ᠋ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠲᠡᠷᠢᠭᠦᠨ ᠭᠦᠢᠴᠡᠳᠭᠡᠭᠴᠢ ᠳᠠᠷᠤᠭ᠎ᠠ ᠸᠠᠩ ᠰᠢᠩ ᠰᠢᠩ᠂ | ᠰᠢᠶᠣᠣ ᠮᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠧᠢ | ᠵᠢᠶᠦ᠋ᠨ ᠵᠡᠷᠭᠡ 6 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠤᠷᠢᠳ | ᠬᠤᠵᠢᠳ ᠦᠭᠡ ᠬᠡᠯᠡᠵᠦ᠂ ᠰᠢᠨ᠎ᠡ ᠪᠠᠶᠢᠳᠠᠯ ᠳᠣᠣᠷ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠨᠢ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠡᠦᠬᠡᠨ ᠶᠠᠪᠤᠴᠠ ᠶᠢ ᠳᠠᠭᠠᠯᠳᠤᠨ | ᠥᠷᠨᠢᠭᠦᠨ ᠬᠥᠭᠵᠢᠵᠦ ᠢᠷᠡᠭᠰᠡᠨ ᠶᠤᠮ᠃ ᠬᠡᠳᠦᠨ ᠠᠷᠪᠠᠨ ᠵᠢᠯ ᠤᠨ ᠲᠤᠷᠰᠢ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ | ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠠᠨᠢᠯᠲᠠ᠂ ᠨᠠᠮ ᠪᠠ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠴᠢᠭᠯᠡᠯᠲᠡ ᠲᠦᠷᠦ ᠶᠢᠨ ᠪᠣᠳᠣᠯᠭ᠎ᠠ ᠶᠢᠨ ᠲᠤᠬᠠᠢ ᠮᠠᠨ ᠤ ᠨᠠᠮ ᠤᠨ ᠤᠨᠤᠯ ᠪᠠ ᠦᠢᠯᠡᠳᠦᠯᠭᠡ | ᠪᠣᠯ ᠤᠳᠤᠮ ᠤᠯᠠᠮᠵᠢᠯᠠᠯ ᠨᠢᠭᠡᠲᠡᠢ ᠪᠥᠭᠡᠳ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠶᠤᠮ᠃ ᠨᠠᠮ ᠪᠠ | ᠤᠯᠤᠰ ᠠᠴᠠ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ | ᠬᠥᠲᠥᠯᠥᠨ ᠵᠢᠯᠣᠭᠤᠳᠤᠨ᠎ᠠ︔ ᠨᠠᠮ ᠪᠠ ᠤᠯᠤᠰ ᠠᠴᠠ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠬᠠᠤᠯᠢ | ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ | ᠡᠷᠬᠡ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠭᠦᠷᠲᠡᠭᠦ ᠶᠢ ᠪᠠᠲᠤᠯᠠᠵᠤ᠂ | ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ | ᠬᠥᠭᠵᠢᠬᠦ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ | ᠭᠡᠵᠦ ᠢᠯᠡᠳᠬᠡᠪᠡ᠃ | ᠰᠢ ᠶᠢᠨ ᠫᠢᠩ᠂ ᠤᠳᠤ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠨᠢᠭᠡᠨᠲᠡ ᠨᠡᠯᠢᠶᠡᠳ ᠶᠡᠭᠡ | ᠬᠡᠪᠴᠢᠶ᠎ᠡ ᠲᠠᠢ ᠪᠣᠯᠵᠤ᠂ ᠮᠠᠰᠢ ᠬᠦᠨᠳᠦ ᠬᠤᠪᠢ ᠶᠢᠨ ᠵᠢᠩ ᠢ ᠡᠵᠡᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠢ ᠪᠣᠯᠵᠠᠢ᠃ ᠰᠢᠨ᠎ᠡ ᠴᠠᠭ ᠦᠶ᠎ᠡ ᠰᠢᠨ᠎ᠡ | ᠠᠶᠠᠨ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ | ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠵᠦ᠂ ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ ᠴᠢᠳᠠᠪᠤᠷᠢᠲᠠᠨ ᠤ ᠡᠩᠨᠡᠭᠡ ᠪᠣᠯᠣᠨ ᠭᠦᠳᠡᠯᠮᠦᠷᠢ ᠬᠦᠴᠦᠨ ᠤ ᠡᠬᠢ | ᠪᠠᠶᠠᠯᠢᠭ ᠤᠨ ᠲᠤᠭ᠎ᠠ ᠬᠡᠮᠵᠢᠶ᠎ᠡ ᠯᠤᠲᠤ ᠶᠡᠭᠡ᠂ ᠬᠡᠪ ᠴᠢᠨᠠᠷ ᠰᠢᠯᠢᠳᠡᠭ ᠰᠠᠶᠢᠨ᠂ ᠠᠵᠤ ᠦᠢᠯᠡᠰ ᠤᠨ ᠰᠢᠰᠲ᠋ᠧᠮ ᠪᠣᠯᠣᠨ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠢᠵᠢ ᠪᠦᠷᠢᠳᠦᠨ ᠲᠡᠭᠦᠯᠳᠡᠷᠵᠢᠵᠦ᠂ 14 ᠳ᠋ᠦᠩᠰᠢᠭᠤᠷ ᠭᠠᠷᠤᠢ ᠬᠥᠮᠥᠨ | ᠠᠮᠠ ᠶᠢᠨ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠣᠯᠠᠨ ᠰᠢᠨ᠎ᠡ ᠠᠵᠠ ᠲᠣᠭᠢᠶᠠᠯ ᠣᠯᠭᠤᠵᠤ᠂ ᠨᠠᠩ ᠶᠡᠭᠡ | ᠬᠥᠭᠵᠢᠯᠲᠡ ᠶᠢᠨ ᠣᠷᠣᠨ ᠵᠠᠢ ᠬᠠᠩᠭᠠᠬᠤ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠪᠠᠶᠢᠭᠤᠯᠤᠯ ᠨᠢ ᠤᠯᠠᠨ ᠲᠠᠯ᠎ᠠ ᠶᠢᠨ ᠢᠯᠡᠳᠲᠡ ᠳᠠᠪᠠᠭᠤᠯᠢᠭ ᠲᠠᠢ ᠪᠠᠶᠢᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ | ᠠᠵᠤ ᠠᠬᠤᠢ ᠶᠢᠨ ᠪᠠᠶᠢᠭᠤᠯᠤᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠵᠢᠯ ᠤᠨ | ᠰᠢᠰᠲ᠋ᠧᠮ ᠲᠠᠰᠤᠷᠠᠯᠲᠠ ᠦᠭᠡᠢ ᠪᠦᠷᠢᠨᠰᠢᠨ ᠲᠡᠭᠦᠯᠳᠡᠷᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠨᠡᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ | ᠪᠠᠶᠢᠭ᠎ᠠ ᠵᠠᠷᠢᠮ ᠬᠦᠴᠢᠷᠳᠡᠯ ᠪᠣᠯᠣᠨ ᠥᠷᠢᠰᠦᠯᠳᠦᠭᠡᠨ ᠪᠣᠯ ᠶᠡᠷᠦᠩᠬᠡᠢ ᠳᠡᠭᠡᠨ ᠥᠭᠡᠷᠡᠴᠢᠯᠡᠯᠲᠡ ᠬᠥᠭᠵᠢᠯᠲᠡ᠂ ᠠᠵᠤ | ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ ᠬᠡᠰᠡᠭ ᠲᠠᠯ᠎ᠠ ᠶᠢᠨ | ᠪᠤᠯᠬᠤ ᠠᠴᠠ ᠪᠢᠰᠢ ᠪᠦᠬᠦᠯᠢ ᠴᠣᠭᠴᠠ ᠶᠢᠨ ᠪᠢᠰᠢ᠂ ᠲᠦᠷ ᠴᠠᠭ ᠤᠨ ᠪᠤᠯᠬᠤ ᠠᠴᠠ ᠪᠢᠰᠢ ᠤᠷᠳᠤ ᠬᠤᠭᠤᠴᠠᠭᠠᠨ ᠤ ᠪᠢᠰᠢ᠂ | ᠢᠯᠠᠨ ᠳᠠᠪᠠᠵᠤ ᠳᠡᠶᠢᠯᠭᠦ ᠠᠴᠠ ᠪᠢᠰᠢ ᠰᠢᠢᠳᠪᠦᠷᠢᠯᠡᠵᠦ ᠳᠡᠶᠢᠯᠭᠦ ᠦᠭᠡᠢ ᠪᠢᠰᠢ ᠶᠤᠮ᠃ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠲᠤᠬᠠᠢ | ᠮᠠᠭᠠᠳᠯᠠᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠦᠴᠢᠷᠳᠡᠯ ᠪᠠ ᠥᠷᠢᠰᠦᠯᠳᠦᠭᠡᠨ ᠤ ᠳᠤᠮᠳᠠ ᠬᠥᠭᠵᠢᠯᠲᠡ ᠶᠢ | ᠣᠯᠵᠤ ᠬᠠᠷᠠᠨ᠂ ᠭᠡᠭᠡᠨ ᠰᠠᠷᠠᠭᠤᠯ ᠢᠷᠡᠭᠡᠳᠦᠢ ᠪᠠᠨ ᠣᠯᠵᠤ ᠬᠠᠷᠠᠨ᠂ ᠬᠥᠭᠵᠢᠯᠲᠡ ᠶᠢᠨ ᠲᠣᠭᠲᠠᠯ ᠬᠦᠴᠦᠨ ᠢᠶᠠᠨ | ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠦᠨ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ | ᠵᠣᠷᠢᠭ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠣᠨ᠎ᠠ᠃ ᠨᠠᠮ ᠤᠨ ᠲᠥᠪ | ᠬᠤᠷᠢᠶ᠎ᠠ ᠠᠴᠠ ᠲᠣᠭᠲᠠᠭᠠᠭᠰᠠᠨ ᠵᠦᠢᠯ ᠪᠣᠯᠭᠠᠨ ᠢ ᠡᠷᠡᠰ ᠬᠡᠷᠡᠭᠵᠢᠭᠦᠯᠬᠦ ᠬᠡᠷᠡᠭᠲᠡᠢ᠂ ᠳᠤᠲᠠᠭᠤ ᠲᠤᠷᠭᠤᠨ ᠬᠡᠷᠡᠭᠵᠢᠭᠦᠯᠵᠦ | ᠪᠤᠯᠬᠤ ᠦᠭᠡᠢ᠃ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ | ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠵᠤ | ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ ᠴᠢᠨᠠᠷᠲᠠᠢ ᠬᠦᠷᠢᠶ᠎ᠡ ᠶᠢ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ | ᠴᠣᠭᠴᠠ ᠳᠤ ᠡᠷᠬᠡ ᠲᠡᠭᠰᠢ ᠪᠠᠷ ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ | ᠦᠷᠭᠦᠯᠵᠢᠯᠡᠨ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ | ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠢᠲᠡᠭᠦᠮᠵᠢᠯᠡᠬᠦ ᠶᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠬᠤ | ᠬᠡᠷᠡᠭᠲᠡᠢ᠃ ᠡᠭᠦᠨ ᠤ ᠬᠠᠮᠲᠤ ᠮᠠᠨ ᠤ ᠤᠯᠤᠰ ᠪᠣᠯ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠮᠥᠨ ᠪᠣᠯᠬᠤᠷ | ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠥᠮ | ᠪᠠᠶᠢᠴᠠᠭᠠᠨ ᠰᠢᠢᠳᠪᠦᠷᠢᠯᠡᠬᠦ ᠠᠴᠠ ᠵᠠᠶᠢᠯᠠᠵᠤ ᠪᠤᠯᠬᠤ ᠦᠭᠡᠢ᠃ ᠡᠯ᠎ᠡ ᠵᠦᠢᠯ ᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠣᠨᠣᠪᠴᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠠᠵᠤ ᠠᠬᠤᠶᠢᠯᠠᠯ ᠳᠤ ᠨᠢᠭᠡ | ᠯᠡ ᠠᠳᠠᠯᠢ ᠪᠠᠷ ᠬᠠᠨᠳᠤᠬᠤ ᠬᠡᠷᠡᠭᠲᠡᠢ᠃ ᠳᠣᠲᠣᠨᠣᠰᠤᠭ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ | ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ | ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠤ ᠠᠬᠤᠶᠢᠯᠠᠯ ᠪᠣᠯ ᠡᠵᠡᠩᠨᠡᠯᠲᠡ ᠶᠢᠨ ᠭᠤᠣᠯ ᠴᠣᠭᠴᠠ ᠮᠥᠨ᠂ ᠠᠵᠤ ᠠᠬᠤᠶᠢᠯᠠᠯ ᠤᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠣᠯ ᠲᠡᠷᠢᠭᠦᠨ ᠪᠠᠶᠢᠷᠢ ᠳᠤ ᠪᠠᠶᠢᠭ᠎ᠠ ᠶᠤᠮ᠃ ᠥᠷᠭᠡᠨ ᠤᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠦᠢᠯᠡᠰ | ᠪᠣᠰᠬᠠᠬᠤ ᠪᠠ ᠤᠯᠤᠰ ᠤᠨ ᠢᠶᠠᠨ ᠲᠥᠯᠥᠭᠡ ᠵᠢᠳᠬᠦᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠵᠦ᠂ ᠬᠦᠰᠡᠯᠡᠩ ᠤᠨ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ | ᠪᠠᠶᠠᠵᠢᠭᠰᠠᠨ ᠴᠤ ᠤᠭ ᠦᠨᠳᠦᠰᠦ ᠪᠠᠨ ᠪᠤᠳᠤᠵᠤ᠂ ᠪᠠᠶᠠᠵᠢᠭᠰᠠᠨ ᠴᠤ ᠤᠷᠤᠭᠰᠢᠯᠠᠨ ᠲᠠᠪᠰᠢᠬᠤ ᠶᠢ ᠪᠤᠳᠤᠵᠤ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠠᠵᠤ ᠠᠬᠤᠶᠢᠯᠠᠯ ᠢ | ᠬᠦᠴᠦᠷᠬᠡᠭᠵᠢᠭᠦᠯᠵᠦ ᠰᠢᠯᠢᠳᠡᠭᠵᠢᠭᠦᠯᠵᠦ ᠰᠠᠶᠢᠲᠤᠷ ᠡᠵᠡᠩᠨᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠭᠤᠯᠤᠭᠴᠢ | ᠪᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠭᠤᠣᠯ ᠠᠵᠢᠯ ᠢᠶᠠᠨ ᠪᠠᠲᠤ | ᠰᠠᠬᠢᠵᠤ᠂ ᠠᠵᠤ ᠦᠢᠯᠡᠰ ᠢᠶᠠᠨ ᠬᠦᠴᠦᠷᠬᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠬᠥᠭᠵᠢᠯᠲᠡ ᠶᠢᠨ ᠠᠷᠭ᠎ᠠ ᠭᠡᠯᠪᠡᠷᠢ ᠪᠠᠨ ᠬᠤᠪᠢᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ᠂ ᠦᠷ᠎ᠡ ᠠᠰᠢᠭ ᠪᠣᠯᠣᠨ | ᠭᠤᠣᠯᠯᠠᠭᠴᠢ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠭᠦ ᠲᠠᠯ᠎ᠠ ᠪᠠᠷ ᠠᠬᠢᠭᠤᠯᠬᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ | ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠤᠨ ᠱᠠᠭᠠᠷᠳᠠᠯᠭ᠎ᠠ ᠶᠣᠰᠣᠭᠠᠷ | ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠤᠪᠢ ᠣᠷᠣᠭᠤᠯᠤᠭᠴᠢ ᠶᠢᠨ ᠠᠵᠢᠯᠯᠠᠭ᠎ᠠ ᠶᠢ | ᠵᠢᠷᠤᠮᠵᠢᠭᠤᠯᠵᠤ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ | ᠪᠦᠷᠢᠨᠰᠢᠭᠦᠯᠵᠦ᠂ ᠭᠦᠳᠡᠯᠮᠦᠷᠢ᠂ ᠴᠢᠳᠠᠪᠤᠷᠢᠲᠠᠨ᠂ ᠮᠡᠳᠡᠯᠭᠡ᠂ ᠮᠡᠷᠭᠡᠵᠢᠯ᠂ ᠬᠥᠷᠥᠩᠭᠡ᠂ ᠳ᠋ᠠᠶᠢᠲ᠋ᠠ ᠵᠡᠷᠭᠡ | ᠦᠢᠯᠡᠳᠪᠦᠷᠢᠯᠡᠯ ᠤᠨ ᠡᠯᠧᠮᠧᠨ᠋ᠲ ᠤᠨ ᠬᠡᠷᠡᠭᠯᠡᠯᠲᠡ᠂ ᠬᠠᠮᠢᠶᠠᠷᠤᠯᠲᠠ᠂ ᠬᠠᠮᠠᠭᠠᠯᠠᠯᠲᠠ ᠶᠢᠨ ᠲᠣᠭᠲᠠᠴᠠ ᠶᠢ ᠳᠠᠰᠤᠷᠠᠯᠳᠠ | ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠵᠠᠯᠭᠠᠮᠵᠢᠯᠠᠭᠴᠢ ᠶᠢ ᠬᠥᠮᠥᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ | ᠦᠨᠡᠨᠴᠢ ᠢᠲᠡᠭᠡᠮᠵᠢᠲᠡᠢ ᠬᠠᠤᠯᠢ ᠶᠢ ᠰᠠᠬᠢᠵᠤ ᠡᠵᠡᠩᠨᠡᠬᠦ ᠶᠢ ᠪᠠᠷᠢᠮᠲᠠᠯᠠᠵᠤ᠂ ᠵᠥᠪ ᠦᠷᠳᠡᠭ ᠤᠨ ᠦᠵᠡᠯᠲᠡ ᠪᠣᠯᠣᠨ ᠶᠣᠰᠣ | ᠰᠤᠷᠲᠠᠬᠤᠨ ᠤ ᠦᠵᠡᠯᠲᠡ ᠶᠢ ᠪᠤᠢ ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ | ᠭᠦᠢᠴᠡᠳᠬᠡᠵᠦ᠂ ᠡᠶ᠎ᠡ ᠵᠣᠬᠢᠴᠠᠯ ᠲᠠᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ | ᠴᠢᠳᠠᠯ ᠤᠨ ᠬᠢᠷᠢ ᠪᠠᠷ ᠢᠶᠠᠨ ᠣᠷᠣᠯᠴᠠᠵᠤ᠂ ᠨᠡᠶᠢᠭᠡᠮ ᠳᠤ ᠢᠯᠡᠭᠦᠬᠡᠨ ᠬᠠᠶᠢᠷ᠎ᠠ ᠬᠠᠯᠠᠮᠵᠢ ᠪᠠᠨ ᠡᠷᠭᠦᠬᠦ ᠬᠡᠷᠡᠭᠲᠡᠢ ᠭᠡᠵᠦ | ᠴᠢᠬᠤᠯᠠᠴᠢᠯᠠᠪᠠ᠃ | ᠸᠠᠩ ᠬᠤ᠋ ᠨᠢᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ | ᠨᠤᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠭᠢᠶᠠᠯ ᠪᠠ | ᠥᠷᠢᠰᠦᠯᠳᠦᠭᠡᠨ ᠢ ᠵᠥᠪ ᠢᠶᠠᠷ ᠲᠠᠨᠢᠬᠤ ᠶᠢ ᠴᠢᠬᠤᠯᠠᠴᠢᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠶᠠᠷᠢᠶᠠᠨ ᠤ ᠤᠳᠬ᠎ᠠ ᠰᠠᠨᠠᠭ᠎ᠠ ᠠᠯᠤᠰ ᠭᠡᠲᠦ ᠶᠢᠨ ᠪᠠᠶᠢᠵᠤ᠂ ᠦᠵᠡᠯ | ᠰᠠᠨᠠᠭ᠎ᠠ ᠭᠦᠨ ᠭᠦᠨᠵᠡᠭᠡᠢ᠂ ᠥᠭᠦᠯᠡᠯᠲᠡ ᠨᠠᠷᠢᠯᠢᠭ ᠣᠨᠣᠴᠠᠲᠠᠢ᠂ ᠠᠭᠤᠯᠤᠭᠳᠠᠬᠤᠨ ᠡᠯᠪᠡᠭ ᠪᠠᠶᠠᠯᠢᠭ ᠶᠤᠮ᠂ ᠪᠢᠳᠡ | ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠶᠢᠨ | ᠢᠲᠡᠭᠡᠯ ᠵᠣᠷᠢᠭ ᠢᠶᠠᠨ ᠪᠠᠲᠤᠳᠬᠠᠵᠤ᠂ ᠪᠦᠭᠦ ᠲᠠᠯ᠎ᠠ ᠶᠢᠨ ᠤᠬᠠᠮᠰᠠᠷ᠂ ᠰᠢᠰᠲ᠋ᠧᠮ ᠤᠨ ᠦᠵᠡᠯᠲᠡ᠂ ᠬᠠᠤᠯᠢᠵᠢᠯ ᠤᠨ ᠵᠣᠷᠢᠭ | ᠰᠠᠨᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ | ᠢᠯᠡᠳᠬᠡᠪᠡ᠃ | ᠱᠢ ᠲᠠᠢ ᠹᠧᠩ᠂ ᠯᠢ ᠱᠦ ᠯᠧᠢ᠂ ᠾᠧ ᠯᠢ ᠹᠧᠩ᠂ ᠦ᠋ ᠵᠧᠩ ᠯᠦᠩ᠂ ᠮᠦ ᠬᠤᠩ ᠶᠠᠷᠢᠯᠴᠠᠬᠤ ᠬᠤᠷᠠᠯ ᠳᠤ | ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃ | | | |