ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠭᠡᠵᠦ ᠪᠠᠶᠢᠨ᠎ᠠ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠬᠤᠰᠢᠭᠤᠨ ᠤ ᠥᠷᠭᠡᠨ ᠣᠯᠠᠨ ᠪᠠᠭᠰᠢ | ᠰᠤᠷᠤᠭᠴᠢᠳ ᠲᠤ ᠠᠮᠤᠷ ᠲᠦᠪᠰᠢᠨ᠂ ᠡᠶ᠎ᠡ ᠵᠣᠬᠢᠴᠠᠩᠭᠤᠶ᠂ ᠡᠮᠬᠢ ᠵᠢᠷᠤᠮ ᠲᠠᠢ ᠠᠵᠢᠯ᠂ ᠰᠤᠷᠤᠯᠴᠠᠬᠤ ᠣᠷᠴᠢᠨ | ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 2 ᠰᠠᠷ᠎ᠠ ᠶᠢᠨ 19 ᠤ ᠡᠳᠦᠷ᠂ ᠲᠦᠮᠡᠳ ᠵᠡᠭᠦᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠠᠰᠤᠴᠢ ᠲᠣᠮᠢᠯᠠᠭᠰᠠᠨ ᠰᠠᠯᠪᠤᠷᠢ ᠠᠴᠠ ᠤᠷᠢᠳᠴᠢᠯᠠᠨ | ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠠᠬᠢᠨ ᠬᠠᠮᠠᠭᠠᠯᠠᠪᠠ᠃ | ᠪᠠᠶᠢᠴᠠᠭᠠᠯᠲᠠ ᠶᠢᠨ ᠬᠤᠭᠤᠴᠠᠭᠠᠨ ᠳᠤ᠂ ᠠᠷᠠᠳ ᠤᠨ ᠲᠤᠰᠠᠯᠠᠬᠤ ᠴᠠᠭᠳᠠᠭ᠎ᠠ ᠬᠠᠷᠢᠶᠠᠲᠤ ᠣᠷᠣᠨ ᠤ ᠡᠯ᠎ᠡ | ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ | ᠮᠡᠷᠭᠡᠵᠢᠯ ᠢᠶᠠᠷ ᠰᠡᠷᠭᠡᠶᠢᠯᠡᠬᠦ︾ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠪᠠᠶᠢᠴᠠᠭᠠᠨ ᠦᠵᠡᠵᠦ᠂ | ᠢᠯᠠᠩᠭᠤᠶ᠎ᠠ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠲᠠᠷᠬᠠᠭᠠᠬᠤ ᠵᠢᠭᠠᠯᠲᠠ ᠶᠢᠨ ᠲᠡᠮᠳᠡᠭ᠂ ᠬᠢᠨᠠᠨ ᠡᠵᠡᠮᠳᠡᠬᠦ | ᠲᠥᠬᠦᠭᠡᠷᠦᠮᠵᠢ᠂ ᠨᠢᠭᠡ ᠳᠠᠷᠤᠪᠴᠢ ᠪᠠᠷ ᠲᠦᠭᠰᠢᠭᠦᠷᠢ ᠮᠡᠳᠡᠭᠦᠯᠬᠦ ᠲᠥᠬᠦᠭᠡᠷᠦᠮᠵᠢ ᠪᠠ ᠠᠮᠤᠷ ᠲᠦᠪᠰᠢᠨ ᠤ ᠨᠡᠪᠲᠡᠷᠡᠬᠦ | ᠵᠠᠮ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ | ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠡᠯ᠎ᠡ | ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠰᠤᠷᠭᠠᠭᠤᠯᠢ ᠳᠤ ᠢᠷᠡᠵᠦ ᠪᠤᠴᠠᠬᠤ ᠬᠤᠭᠤᠴᠠᠭᠠᠨ ᠳᠠᠬᠢ ᠣᠷᠣᠵᠤ ᠭᠠᠷᠬᠤ ᠬᠥᠮᠦᠰ ᠤᠨ ᠬᠠᠮᠢᠶᠠᠷᠤᠯᠲᠠ ᠶᠢ | ᠴᠢᠩᠭᠠᠳᠬᠠᠵᠤ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ | ᠬᠠᠷᠢᠶᠠᠲᠤ ᠣᠷᠣᠨ ᠤ ᠰᠤᠷᠭᠠᠭᠤᠯᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠷᠠᠳ ᠤᠨ ᠴᠠᠭᠳᠠᠭ᠎ᠠ | ᠪᠠᠰᠠ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠳᠤ ᠪᠠᠴᠢᠮ ᠪᠠᠶᠢᠳᠠᠯ ᠢ ᠠᠷᠭᠠᠴᠠᠨ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠣᠷᠢᠯᠲᠠ ᠶᠢᠨ ᠪᠣᠯᠪᠠᠰᠤᠷᠠᠯ ᠬᠢᠭᠰᠡᠨ ᠪᠥᠭᠡᠳ ᠬᠦᠴᠦᠷᠬᠡᠭᠯᠡᠯ ᠢ | ᠰᠡᠷᠭᠡᠶᠢᠯᠡᠬᠦ ᠪᠠᠭᠠᠵᠢ ᠬᠡᠷᠡᠭᠰᠡᠯ᠂ ᠴᠠᠭᠳᠠᠭᠠᠨ ᠤ ᠰᠢᠳᠠᠮ᠂ ᠴᠢᠮᠡᠭᠡ ᠬᠤᠯᠪᠣᠭᠠᠨ ᠤ ᠲᠥᠬᠦᠭᠡᠷᠦᠮᠵᠢ᠂ ᠪᠤᠯᠤᠳ ᠵᠡᠷᠭᠡ | ᠲᠣᠨᠤᠭ ᠲᠥᠬᠦᠭᠡᠷᠦᠮᠵᠢ ᠶᠢ ᠵᠥᠪ ᠬᠡᠷᠡᠭᠯᠡᠬᠦ ᠳᠤ ᠵᠢᠱᠢᠶ᠎ᠡ ᠦᠵᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠴᠢᠩᠭᠠᠳᠬᠠᠪᠠ᠃ | ᠡᠨᠡ ᠬᠤᠭᠤᠴᠠᠭᠠᠨ ᠳᠤ᠂ ᠠᠷᠠᠳ ᠤᠨ ᠲᠤᠰᠠᠯᠠᠬᠤ ᠴᠠᠭᠳᠠᠭ᠎ᠠ ᠪᠠᠰᠠ ᠰᠤᠷᠭᠠᠭᠤᠯᠢ ᠶᠢᠨ ᠬᠦᠷᠢᠶᠡᠨ ᠤ ᠡᠷᠭᠢᠨ | ᠲᠣᠭᠤᠷᠢᠨ ᠤ ᠨᠣᠮ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠬᠡᠲᠦ ᠳᠡᠯᠭᠡᠭᠦᠷ ᠵᠡᠷᠭᠡ ᠲᠠᠯᠠᠪᠤᠷ ᠲᠤ | ᠬᠦᠷᠴᠦ᠂ ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠶᠢᠨ ᠬᠢᠷᠢ ᠬᠡᠮ᠂ ᠪᠠᠷᠠᠭ᠎ᠠ ᠣᠷᠣᠭᠤᠯᠬᠤ ᠨᠠᠷᠢᠨ ᠳᠠᠩᠰᠠ᠂ | ᠢᠳᠡᠭᠡᠨ ᠪᠠ ᠡᠳ᠋ ᠪᠣᠳᠠᠰ ᠲᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠡᠵᠡᠩᠨᠡᠭᠴᠢᠳ ᠢ ᠰᠢᠮᠳᠠᠭᠤᠯᠵᠤ | ᠪᠠᠶᠢᠭᠠᠳ ᠡᠵᠡᠩᠨᠡᠯᠲᠡ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠯᠭᠡᠵᠦ᠂ ᠰᠤᠷᠭᠠᠭᠤᠯᠢ ᠶᠢᠨ | ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠬᠠᠮᠵᠢᠯᠴᠠᠨ᠂ ᠰᠤᠷᠤᠭᠴᠢᠳ ᠲᠤ ᠪᠤᠯᠭᠢ ᠪᠦᠳᠦᠭᠦᠯᠢᠭ ᠨᠣᠮ ᠰᠡᠳᠬᠦᠯ᠂ | ᠠᠷᠢᠬᠢ ᠲᠠᠮᠠᠬᠢ ᠵᠡᠷᠭᠡ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭ ᠥᠬᠡᠶ | ᠡᠳ᠋ ᠪᠣᠳᠠᠰ ᠬᠤᠳᠠᠯᠳᠤᠬᠤ ᠶᠢ ᠴᠢᠩᠭ᠎ᠠ ᠴᠠᠭᠠᠵᠠᠯᠠᠪᠠ᠃ |