ᠲᠦᠮᠡᠳ ᠵᠡᠭᠦᠨ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/21
    2 ᠰᠠᠷ᠎ᠠ ᠶᠢᠨ 19 ᠤ ᠡᠳᠦᠷ᠂ ᠲᠦᠮᠡᠳ ᠵᠡᠭᠦᠨ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠷᠦᠢ ᠾᠧᠩ ᠬᠤᠷᠠᠯ ᠳᠤ ᠣᠷᠣᠯᠴᠠᠪᠠ᠃ ᠬᠤᠷᠠᠯ ᠠᠴᠠ ︽ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ ᠃ ᠲᠦᠮᠡᠳ ᠵᠡᠭᠦᠨ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠤᠷᠢᠨ ᠳᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠡ ᠃ ᠴᠡᠯᠡᠭᠡᠷ ᠲᠠᠯ᠎ᠠ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠂ ᠪᠠᠶ ᠮᠢᠶᠣᠣ ᠽᠢ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠲᠣᠰ ᠪᠡᠶ᠎ᠡ ᠶᠢᠨ ᠲᠥᠷᠥᠭᠳᠡᠯ ᠪᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠤᠨ ︽ᠡᠷᠬᠢᠨ ᠬᠠᠷᠠᠬᠤ︾ ᠶᠢ ᠢᠳᠡᠪᠬᠢᠲᠡᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠃ ᠠᠰᠠᠭᠤᠳᠠᠯ ᠤᠨ ᠤᠳᠤᠷᠢᠳᠤᠮᠵᠢ ᠶᠢ ᠴᠢᠩᠭᠠᠳᠬᠠᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠡᠯ᠎ᠡ ᠵᠦᠢᠯ ᠤᠨ ᠠᠵᠢᠯ ᠤᠨ ᠱᠠᠳᠤᠴᠢ ᠴᠢᠨᠠᠷᠲᠠᠢ ᠠᠬᠢᠴᠠ ᠲᠠᠢ ᠪᠣᠯᠬᠤ ᠶᠢ ᠪᠠᠲᠤᠯᠠᠬᠤ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃    ᠳᠡᠳ᠋ ᠬᠤᠰᠢᠭᠤᠨ ᠳᠠᠷᠤᠭ᠎ᠠ ᠵᠣᠣ ᠬᠤᠩ ᠰᠢᠩ ᠵᠢᠴᠢ ᠡᠯ᠎ᠡ ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠬᠠᠮᠢᠶ᠎ᠠ ᠪᠥᠬᠦᠶ ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号