【 ᠮᠠᠨ ᠤ ᠪᠠᠶᠠᠷ ᠪᠠᠶᠠᠰᠬᠤᠯᠠᠩᠲᠤ ᠳᠤᠮᠳᠠᠳᠤ ᠤᠯᠤᠰ 】 ᠲᠦᠮᠡᠳ ᠵᠡᠭᠦᠨ ᠬᠤᠰᠢᠭᠤ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠢᠢᠲᠦ ᠪᠠᠶᠠᠷ ᠤᠨ ᠡᠳᠦᠷ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2025/2/21
    2 ᠰᠠᠷ᠎ᠠ ᠶᠢᠨ 16 ᠤ ᠡᠳᠦᠷ᠂ ᠲᠦᠮᠡᠳ ᠵᠡᠭᠦᠨ ᠬᠤᠰᠢᠭᠤᠨ ᠤ ᠥᠯᠵᠡᠢᠲᠦ ᠡᠳᠦᠷ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠲᠦᠮᠡᠳ ᠵᠡᠭᠦᠨ ᠬᠤᠰᠢᠭᠤᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠣᠷᠳᠣᠨ ᠳᠤ ᠲᠡᠭᠦᠰ ᠠᠮᠵᠢᠯᠲᠠ ᠲᠠᠢ ᠥᠨᠳᠥᠷᠯᠡᠪᠡ᠃
C:\Users\bch\Desktop\2.21\2.17  艺术图1.jpg
    ᠲᠣᠰ ᠤᠳᠠᠭᠠᠨ ᠤ ᠬᠥᠳᠡᠯᠭᠡᠭᠡᠨ ᠨᠢ ᠮᠠᠰᠢ ᠣᠯᠠᠨ ᠺᠠᠳ᠋ᠷ ᠠᠵᠢᠯᠲᠠᠨ ᠵᠢᠴᠢ ᠲᠠᠮᠢᠷ ᠤᠨ ᠬᠥᠳᠡᠯᠭᠡᠭᠡᠨ ᠳᠤ ᠳᠤᠷ᠎ᠠ ᠪᠠᠭ᠋ᠠᠲᠠᠶ ᠬᠥᠮᠦᠰ ᠤᠨ ᠠᠩᠬᠠᠷᠤᠯ ᠢ ᠲᠠᠲᠠᠵᠤ᠂ ᠤᠷᠤᠯᠳᠤᠭᠠᠨ ᠤ ᠠᠭᠤᠯᠭ᠎ᠠ ᠳᠤ ᠥᠳᠥᠨ ᠪᠥᠮᠪᠦᠭᠡ᠂ ᠫᠢᠩᠫᠠᠩ ᠪᠥᠮᠪᠦᠭᠡ᠂ ᠲᠡᠪᠡᠭ  ᠵᠡᠷᠭᠡ ᠶᠢ ᠬᠠᠮᠤᠷᠴᠤ᠂ ᠤᠷᠤᠯᠳᠤᠭᠠᠨ ᠢ ᠰᠢᠭᠰᠢᠭᠳᠡᠭᠦᠯᠬᠦ ᠳᠦᠷᠢᠮ ᠢ ᠬᠡᠷᠡᠭᠯᠡᠨ᠂ ᠡᠯ᠎ᠡ ᠠᠩᠭᠢ ᠤᠷᠤᠯᠳᠤᠭᠠᠨ ᠤ ᠲᠠᠯᠠᠪᠤᠷ ᠲᠤ ᠰᠢᠷᠦᠭᠦᠨ ᠥᠷᠢᠰᠥᠯᠳᠦᠭᠡᠨ ᠥᠷᠨᠢᠭᠦᠯᠵᠦ᠂ ᠣᠯᠠᠨ ᠢᠶᠠᠷ ᠢᠶᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠡᠯᠪᠡᠷᠢ ᠪᠠᠷ ᠥᠯᠵᠡᠶᠢᠲᠦ ᠡᠳᠦᠷ ᠢ ᠬᠠᠮᠲᠤ ᠪᠠᠷ ᠪᠡᠯᠭᠡᠯᠡᠪᠡ᠃
C:\Users\bch\Desktop\2.21\2.17  艺术图2.jpg
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠬᠠᠪᠰᠤᠷᠤᠯᠴᠠᠵᠤ᠂ ᠡᠷᠡᠯᠬᠡᠭᠯᠡᠨ ᠲᠡᠮᠡᠴᠡᠬᠦ ᠶᠢᠨ ᠬᠠᠮᠲᠤ ᠪᠠᠶᠠᠷᠯᠠᠨ ᠢᠨᠢᠶᠡᠯᠴᠡᠬᠦ ᠳᠠᠭᠤᠨ᠂ ᠬᠠᠰᠬᠢᠷᠬᠤ ᠳᠠᠭᠤᠨ᠂ ᠬᠦᠴᠦ ᠨᠡᠮᠡᠬᠦ ᠲᠠᠭᠤᠨ ᠠᠳᠡ ᠲᠡᠨᠳᠡ ᠦᠭᠡᠢ ᠴᠤᠤᠷᠢᠶᠠᠲᠤᠪᠠ᠃
C:\Users\bch\Desktop\2.21\2.17  艺术图3.jpg
    ᠭᠠᠷᠮᠠᠭᠠᠢ ᠪᠠᠶᠢᠯᠳᠤᠬᠤ ᠠᠷᠭ᠎ᠠ ᠶᠢᠨ ᠬᠠᠮᠵᠢᠯᠴᠠᠭ᠎ᠠ ᠪᠠ ᠨᠤᠭᠤᠷᠠᠰᠢ ᠥᠬᠡᠶ ᠲᠡᠮᠡᠴᠡᠬᠦ ᠵᠣᠷᠢᠭ ᠰᠠᠨᠠᠭ᠎ᠠ ᠪᠠᠷ᠂ ᠬᠤᠷᠴᠠ ᠰᠢᠷᠦᠭᠦᠨ ᠮᠥᠷᠦ᠋ᠢᠴᠡᠭᠡᠨ ᠢᠶᠠᠷ ᠳᠡᠮᠵᠢᠨ᠂ ᠡᠴᠦᠰ ᠲᠡᠭᠡᠨ ᠭᠧ ᠶᠤᠸᠠᠨ ᠴᠢᠩ᠂ ᠯᠢ ᠵᠢᠶᠦ᠋ᠨ ᠶᠢᠩ᠂ ᠢᠦᠶ ᠬᠦᠶ ᠶᠠᠩ᠂ ᠹᠧᠩ ᠢᠦᠶ ᠨᠠ ᠲᠡᠪᠡᠭᠡᠷ ᠤᠨ ᠪᠥᠮᠪᠦᠭᠡ ᠶᠢᠨ ᠲᠥᠷᠥᠯ ᠵᠦᠢᠯ ᠤᠨ ᠨᠢᠭᠡᠳᠦᠭᠡᠷ ᠲᠤ ᠣᠷᠣᠪᠠ︔ ᠵᠠᠩ ᠮᠧᠶ ᠮᠧᠶ᠂ ᠵᠧᠩ ᠹᠧᠩ ᠶᠢᠩ᠂ ᠸᠠᠩ ᠬᠤᠩ ᠸᠧᠶ  ᠫᠢᠩᠫᠠᠩ ᠪᠥᠮᠪᠦᠭᠡ ᠶᠢᠨ ᠲᠥᠷᠥᠯ ᠵᠦᠢᠯ ᠤᠨ ᠨᠢᠭᠡᠳᠦᠭᠡᠷ ᠲᠤ ᠣᠷᠣᠪᠠ︔ ᠮᠢᠩ ᠭᠤᠧᠠᠩ᠂ ᠾᠧ ᠵᠦᠸᠧ᠂ ᠶᠦᠨ ᠬᠠᠶ ᠪᠥᠸᠧ ᠲᠣᠤᠷ ᠪᠥᠮᠪᠦᠭᠡ ᠶᠢᠨ ᠲᠥᠷᠥᠯ ᠵᠦᠢᠯ ᠤᠨ ᠨᠢᠭᠡᠳᠦᠭᠡᠷ ᠲᠤ ᠣᠷᠣᠪᠠ︔ ᠦ᠋ ᠭᠤᠸᠠᠩ ᠳ᠋ᠠ᠂ ᠲᠢᠶᠠᠨ ᠼᠦᠨ᠂ ᠷᠧᠨ ᠶᠠᠨ ᠲᠠᠩ᠂ ᠵᠤᠤ ᠶᠠᠨ ᠥᠳᠥᠨ ᠪᠥᠮᠪᠦᠭᠡ ᠶᠢᠨ ᠲᠥᠷᠥᠯ ᠵᠦᠢᠯ ᠤᠨ ᠨᠢᠭᠡᠳᠦᠭᠡᠷ ᠲᠤ ᠣᠷᠣᠪᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号