ᠬᠠᠪᠤᠷ ᠬᠦᠷᠴᠦ ᠢᠷᠡᠬᠦ ᠳᠤ ᠨᠡᠭᠦᠳᠡᠯ ᠰᠢᠪᠠᠭᠤ ᠤᠮᠠᠷᠠᠰᠢ ᠪᠤᠴᠠᠵᠤ᠂ ᠬᠠᠯᠢᠭᠤ ᠤᠰᠤᠨ ᠴᠥᠭᠦᠷᠥᠮ ᠳᠤ ᠠᠩᠬᠠᠨ ᠤ ᠪᠦᠯᠦᠭ ︽  ᠵᠤᠴᠢᠳ︾ ᠬᠦᠷᠴᠦ ᠢᠷᠡᠯ᠎ᠡ
ᠨᠡᠶᠢᠲᠡᠯᠡᠭᠰᠡᠨ ᠴᠠᠭ᠄
2025/2/21
    ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠮᠥᠰᠥ ᠴᠠᠰᠤ ᠬᠠᠶᠢᠯᠠᠨ᠂ ᠬᠡᠳᠦᠨ ᠡᠳᠦᠷ ᠤᠨ ᠲᠣᠷᠰᠢ ᠲᠦᠮᠡᠳ ᠵᠡᠭᠦᠨ  ᠬᠤᠰᠢᠭᠤᠨ ᠤ ᠬᠠᠯᠢᠭᠤ ᠤᠰᠤᠨ ᠴᠥᠭᠦᠷᠥᠮ ᠶᠡᠭᠡ ᠬᠡᠮᠵᠢᠶᠡᠨ ᠤ ᠤᠮᠠᠷᠠᠰᠢ ᠪᠤᠴᠠᠬᠤ ᠨᠡᠭᠦᠳᠡᠯ ᠤᠨ ᠰᠢᠪᠠᠭᠤ ᠶᠢ ᠤᠭᠲᠤᠨ ᠠᠪᠴᠢᠷᠠᠭᠰᠠᠨ ᠪᠠᠶᠢᠨ᠎ᠠ᠃ ᠲᠡᠳᠡ ᠤᠰᠤᠨ ᠭᠠᠳᠠᠷᠭᠤ ᠳᠡᠭᠡᠷ᠎ᠡ ᠳᠤᠷ᠎ᠠ ᠲᠠᠪᠠ ᠪᠠᠷ ᠢᠶᠠᠨ ᠬᠥᠪᠪᠥᠵᠦ᠂ ᠡᠰᠡᠬᠦᠯ᠎ᠡ ᠠᠭᠠᠷ ᠲᠤ ᠴᠢᠯᠥᠭᠡᠲᠡᠶ ᠨᠢᠰᠴᠦ᠂ ᠬᠠᠪᠤᠷ ᠤᠨ ᠡᠬᠢᠨ ᠤ ᠬᠦᠯᠳᠡᠭᠦᠦ ᠴᠥᠭᠦᠷᠥᠮ ᠳᠤ ᠠᠮᠢᠳᠤᠯᠢᠭ ᠥᠩᠭᠡ ᠨᠡᠮᠡᠷᠢᠯᠡᠭᠰᠡᠨ ᠪᠠᠶᠢᠨ᠎ᠠ᠃
C:\Users\bch\Desktop\2.14\2.14  图文  旅游  春回大地 候鸟北归 海流水库迎来首批“客人”图1.jpg
    ᠲᠤᠬᠠᠶ ᠶᠢᠨ ᠭᠠᠵᠠᠷ ᠤᠨ ᠠᠮᠢᠲᠠᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠡᠳᠡᠭᠡᠷ ᠨᠡᠭᠦᠳᠡᠯ ᠤᠨ ᠰᠢᠪᠠᠭᠤ ᠬᠤᠨ ᠭᠠᠯᠠᠭᠤ᠂ ᠪᠣᠷᠣ ᠲᠣᠭᠤᠷᠤᠤ ᠵᠡᠷᠭᠡ ᠪᠠᠷ ᠭᠤᠣᠯ ᠪᠣᠯᠭᠠᠵᠤ᠂ ᠲᠤᠭ᠎ᠠ ᠬᠡᠮᠵᠢᠶ᠎ᠡ ᠨᠢ ᠮᠢᠩᠭ᠎ᠠ ᠭᠠᠷᠤᠶ ᠪᠣᠯᠪᠠ᠃ ᠲᠡᠳᠡ ᠡᠮᠦᠨᠡᠲᠦ ᠣᠷᠣᠨ ᠤ ᠡᠪᠦᠯᠵᠢᠬᠦ ᠨᠤᠲᠤᠭ ᠢᠶᠠᠷ ᠨᠡᠭᠦᠳᠡᠯᠯᠡᠨ ᠢᠷᠡᠵᠦ᠂ ᠬᠠᠯᠢᠭᠤ ᠴᠥᠭᠦᠷᠥᠮ ᠪᠣᠯ ᠲᠡᠳᠡᠨ ᠤ ᠤᠮᠠᠷᠠᠰᠢ ᠰᠢᠯᠵᠢᠬᠦ ᠵᠠᠮ ᠳᠠᠬᠢ ᠴᠢᠬᠤᠯᠠ ᠥᠷᠲᠡᠭᠡ ᠪᠣᠯᠤᠨ᠎ᠠ᠂ ᠠᠳᠡᠬᠢ ᠤᠰᠤᠨ ᠣᠷᠣᠨ ᠥᠷᠭᠡᠨ ᠠᠭᠤᠳᠠᠮ᠂ ᠢᠳᠡᠭᠡᠨ ᠪᠠᠶᠠᠯᠢᠭ ᠪᠠᠶᠢᠵᠤ᠂ ᠨᠡᠭᠦᠳᠡᠯ ᠤᠨ ᠰᠢᠪᠠᠭᠤᠨ ᠳᠤ ᠰᠠᠶᠢᠨ ᠰᠠᠶᠢᠬᠠᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠬᠠᠩᠭᠠᠭᠰᠠᠨ ᠪᠠᠶᠢᠨ᠎ᠠ᠃
C:\Users\bch\Desktop\2.14\2.14  图文  旅游  春回大地 候鸟北归 海流水库迎来首批“客人”图2.jpg
    ᠣᠶᠢᠷ᠎ᠠ ᠶᠢᠨ ᠵᠢᠯ ᠠᠴᠠ᠂ ᠲᠦᠮᠡᠳ ᠵᠡᠭᠦᠨ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠠᠰᠤᠷᠠᠯᠲᠠ ᠥᠬᠡᠶ ᠰᠠᠶᠢᠵᠢᠷᠠᠬᠤ ᠶᠢ ᠳᠠᠭᠠᠯᠳᠤᠨ᠂  ᠬᠠᠯᠢᠭᠤ ᠴᠥᠭᠦᠷᠥᠮ ᠨᠢ ᠨᠢᠭᠡᠨᠲᠡ ᠨᠡᠭᠦᠳᠡᠯ ᠰᠢᠪᠠᠭᠤᠳ ᠤᠨ ᠨᠡᠭᠦᠳᠡᠯᠯᠡᠬᠦ ᠴᠢᠬᠤᠯᠠ ᠵᠠᠮ ᠪᠠ ᠣᠷᠣᠰᠢᠨ ᠠᠮᠢᠳᠤᠷᠠᠬᠤ ᠭᠠᠵᠠᠷ ᠪᠣᠯᠵᠣ᠂ ᠵᠢᠯ ᠪᠦᠷᠢ ᠶᠢᠨ ᠬᠠᠪᠤᠷ ᠨᠠᠮᠤᠷ ᠤᠨ ᠬᠤᠶᠠᠷ ᠤᠯᠠᠷᠢᠯ ᠳᠤ ᠴᠥᠮ ᠲᠦᠮᠡ ᠭᠠᠷᠤᠶ ᠨᠡᠭᠦᠳᠡᠯ ᠤᠨ ᠰᠢᠪᠠᠭᠤ ᠠᠳᠡ ᠠᠮᠠᠷᠠᠬᠤ ᠪᠣᠯᠤᠨ᠎ᠠ᠃
C:\Users\bch\Desktop\2.14\2.14  图文 旅游  春回大地 候鸟北归 海流水库迎来首批“客人”封面.jpg
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号