ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠠᠤᠯᠢ ᠴᠠᠭᠠᠵᠠ ᠶᠢᠨ ᠬᠡᠪ | ᠪᠣᠯᠪᠠᠰᠤᠷᠠᠯ ᠪᠠ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 2 | ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠲᠠᠶᠢᠭ᠎ᠠ ᠮᠣᠳᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠥᠬᠦ ᠭᠡᠰᠢᠭᠦᠳ ᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠬᠠᠤᠯᠢ | ᠴᠠᠭᠠᠵᠠ ᠶᠢᠨ ᠪᠣᠯᠪᠠᠰᠤᠷᠠᠭᠤᠯᠤᠯ ᠥᠷᠨᠢᠭᠦᠯᠵᠦ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠱᠠᠩᠬᠠᠶ ᠶᠢᠨ | ᠬᠠᠮᠲᠤᠷᠠᠭᠰᠠᠨ ︵ᠬᠥᠬᠡᠬᠤᠲᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠮᠧᠶ ᠲᠤᠤ ᠬᠠᠤᠯᠢᠴᠢ ᠶᠢ ᠤᠷᠢᠵᠤ | ᠬᠢᠴᠢᠶᠡᠯ ᠣᠷᠣᠭᠤᠯᠪᠠ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠭᠤᠤᠯᠳᠠᠯᠭ᠎ᠠ ᠨᠢ ᠬᠠᠮᠤᠭ ᠤᠨ ᠰᠢᠨ᠎ᠡ ᠪᠠᠷ ᠵᠠᠰᠠᠯᠲᠠ | ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ | ᠬᠠᠤᠯᠢ︾ ᠶᠢᠨ ᠲᠣᠭᠤᠷᠢᠨ ᠳᠤ ᠲᠠᠶᠢᠯᠤᠮᠵᠢ ᠬᠢᠵᠦ᠂ ᠮᠧᠶ ᠲᠤᠤ ᠬᠠᠤᠯᠢᠴᠢ ᠣᠨᠣᠯ ᠤᠨ ᠲᠠᠶᠢᠯᠤᠮᠵᠢ ᠪᠠ ᠪᠣᠳᠠᠲᠤ | ᠶᠠᠪᠤᠳᠠᠯ ᠤᠨ ᠠᠵᠢᠯᠯᠠᠭ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠯᠭᠠᠰᠤᠨ ᠤ ᠬᠡᠪᠴᠢᠶᠡᠨ ᠤ | ᠬᠠᠤᠯᠢ ᠬᠡᠷᠡᠭᠵᠢᠭᠦᠯᠦᠯᠲᠡ ᠶᠢᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠶᠠᠪᠤᠴᠠ ᠳᠠᠬᠢ | ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠵᠠᠳᠠᠯᠵᠤ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯᠲᠠ᠂ | ᠥᠨᠳᠥᠷ ᠪᠦᠲᠦᠮᠵᠢᠲᠡᠶ ᠪᠠᠶᠢᠬᠤ ᠳᠤ ᠪᠠᠲᠤ ᠪᠠᠬᠢ ᠣᠨᠣᠯ ᠪᠠ ᠦᠢᠯᠡᠳᠦᠯᠭᠡ ᠶᠢᠨ ᠵᠢᠯᠣᠭᠤᠳᠣᠯᠭ᠎ᠠ ᠬᠠᠩᠭᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠪᠠᠶᠢᠩᠭᠤᠵᠢᠭᠤᠯᠤᠨ ᠰᠤᠷᠤᠯᠴᠠᠬᠤ ᠪᠠᠷ ᠳᠠᠮᠵᠢᠭᠤᠯᠤᠨ | ᠬᠠᠤᠯᠢ ᠪᠠᠷ ᠵᠠᠰᠠᠬᠤ ᠰᠡᠳᠬᠢᠬᠦᠶ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠶᠢᠨ ᠲᠥᠯᠥᠭᠡ ᠶᠤᠮ᠃ ᠪᠣᠯᠪᠠᠰᠤᠷᠠᠯ ᠤᠨ ᠬᠤᠷᠠᠯ ᠲᠡᠭᠦᠰᠦᠭᠰᠡᠨ ᠤ ᠲᠠᠷᠠᠭ᠎ᠠ᠂ ᠪᠦᠬᠦ ᠭᠡᠰᠢᠭᠦᠳ | ᠪᠣᠯᠪᠠᠰᠤᠷᠠᠯ ᠤᠨ ᠠᠭᠤᠯᠭ᠎ᠠ ᠨᠢ ᠪᠣᠳᠠᠲᠠᠢ ᠲᠠᠢ ᠣᠶᠢᠷᠠᠳᠴᠤ᠂ ᠵᠢᠯᠣᠭᠤᠳᠬᠤ ᠴᠢᠨᠠᠷ ᠢᠶᠠᠷ ᠴᠢᠩᠭ᠎ᠠ ᠪᠠᠶᠢᠵᠤ᠂ | ᠬᠤᠶᠢᠰᠢᠳᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠦ ᠰᠠᠨᠠᠯ ᠨᠢᠭᠡᠲᠡᠢ ᠢᠯᠡᠳᠬᠡᠪᠡ᠃ ᠲᠠᠷᠠᠭᠠᠴᠢ ᠶᠢᠨ ᠠᠯᠬᠤᠮ ᠳᠤ᠂ ᠲᠠᠶᠢᠭ᠎ᠠ ᠮᠣᠳᠤ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠬᠠᠤᠯᠢ ᠬᠡᠷᠡᠭᠵᠢᠭᠦᠯᠬᠦ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠤᠬᠠᠶᠢᠯᠠᠭᠰᠠᠨ | ᠠᠵᠢᠯ ᠳᠠᠭᠠᠨ ᠴᠠᠭᠠᠷᠠᠭᠰᠠᠨ ᠪᠥᠭᠡᠳ ᠣᠪᠣᠷ ᠰᠤᠷᠲᠠᠯ ᠬᠠᠲᠠᠭᠤ ᠴᠢᠩᠭ᠎ᠠ ᠬᠠᠤᠯᠢ ᠬᠡᠷᠡᠭᠵᠢᠭᠦᠯᠬᠦ ᠡᠩᠨᠡᠭᠡ ᠶᠢ | ᠬᠦᠴᠦᠯᠡᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠠᠤᠯᠢ ᠪᠠᠷ ᠵᠠᠰᠠᠬᠤ ᠶᠢ ᠠᠬᠢᠭᠤᠯᠬᠤ ᠳᠤ ᠪᠠᠲᠤ | ᠴᠢᠩᠭ᠎ᠠ ᠪᠠᠲᠤᠯᠠᠭ᠎ᠠ ᠬᠠᠩᠭᠠᠨ᠎ᠠ᠃ |