ᠲᠦᠮᠡᠳ ᠵᠡᠭᠦᠨ ᠬᠤᠰᠢᠭᠤᠨ ᠤ ᠤᠯᠠᠭᠠᠨᠬᠦᠦ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠨᠢ ᠦᠨᠳᠦᠰᠦᠲᠡᠨ ᠤ ᠰᠣᠶᠣᠯ ᠤᠨ ᠢᠲᠡᠭᠡᠯ ᠢ ᠬᠡᠦᠬᠡᠳ ᠤᠨ ᠰᠡᠳᠬᠢᠯ ᠳᠤ ᠦᠨᠳᠦᠰᠦᠯᠡᠭᠦᠯᠪᠡ
ᠨᠡᠶᠢᠲᠡᠯᠡᠭᠰᠡᠨ ᠴᠠᠭ᠄
2025/2/25
    ᠬᠡᠦᠬᠡᠳ ᠤᠨ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠢ ᠬᠥᠭᠵᠢᠭᠡᠵᠦ᠂ ᠬᠠᠷᠠᠬᠠᠨ ᠪᠠᠭ᠎ᠠ ᠠᠴᠠ ᠪᠠᠨ ᠰᠣᠶᠣᠯ ᠤᠨ ᠢᠲᠡᠭᠡᠯ ᠢ ᠭᠦᠨᠵᠡᠭᠡᠶᠢᠷᠡᠬᠦᠯᠬᠦ ᠶᠢᠨ ᠲᠥᠯᠥᠭᠡ᠂ 2 ᠰᠠᠷ᠎ᠠ ᠶᠢᠨ 24 ᠤ ᠡᠳᠦᠷ ᠰᠤᠷᠭᠠᠭᠤᠯᠢ ᠡᠬᠢᠯᠡᠭᠰᠡᠨ ᠠᠩᠬᠠᠨ ᠤ ᠡᠳᠦᠷ᠂ ᠲᠦᠮᠡᠳ ᠵᠡᠭᠦᠨ ᠬᠤᠰᠢᠭᠤᠨ ᠤ ᠤᠯᠠᠭᠠᠨᠬᠦᠦ ᠬᠡᠦᠬᠡᠳ ᠤᠨ ᠴᠡᠴᠡᠷᠯᠢᠭ ᠨᠢ ᠺᠠᠷᠲ᠋ᠣᠨ ᠺᠢᠨᠤ᠋  ︽ᠨᠧ ᠵᠠ︾ ᠪᠠᠷ ᠠᠴᠢᠶᠠᠯᠠᠪᠤᠷᠢ ᠪᠣᠯᠭᠠᠵᠤ᠂ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢᠶᠠᠷ ᠳᠠᠮᠵᠢᠭᠤᠯᠤᠨ᠂ ᠤᠯᠠᠮᠵᠢᠯᠠᠯᠲᠤ ᠰᠣᠶᠣᠯ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠰᠤᠷᠭᠠᠭᠤᠯᠢ ᠡᠬᠢᠯᠡᠬᠦ ᠬᠥᠮᠦᠵᠢᠯ ᠳᠤ ᠠᠭᠤᠰᠤᠯᠴᠠᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠥᠷᠨᠢᠭᠦᠨ ᠵᠢᠪᠬᠤᠭ᠎ᠠ ᠨᠡᠮᠡᠷᠢᠯᠡᠪᠡ     ᠬᠢᠴᠢᠶᠡᠯ ᠤᠨ ᠲᠠᠩᠬᠢᠮ ᠳᠤ᠂ ᠬᠡᠦᠬᠡᠳ ᠤᠳ ᠬᠠᠮᠲᠤ ᠪᠠᠷ ︽ᠨᠧ ᠵᠠ︾   ︽ᠤᠤ ᠪᠢᠩ︾  ᠤᠨ ᠫᠠᠶᠢᠰᠠ ᠠᠳᠬᠤᠵᠤ᠂ ᠬᠥᠮᠥᠨ ᠪᠦᠬᠦᠨ ᠬᠠᠷᠢᠯᠴᠠᠨ ᠬᠥᠳᠡᠯᠦᠯᠴᠡᠬᠦ᠂ ᠢᠳᠡᠪᠬᠢᠲᠡᠢ ᠪᠠᠷ ᠭᠠᠷ ᠡᠷᠭᠦᠨ ᠠᠰᠠᠭᠤᠯᠲᠠ ᠬᠠᠷᠢᠭᠤᠯᠵᠤ᠂ ᠰᠣᠨᠢᠷᠬᠠᠯ ᠤᠨ ᠳᠤᠮᠳᠠ ᠤᠯᠠᠮᠵᠢᠯᠠᠯᠲᠤ ᠰᠣᠶᠣᠯ ᠤᠨ ᠤᠶᠤᠨ ᠰᠠᠨᠠᠭᠠᠨ ᠤ ᠬᠦᠴᠦᠨ ᠢ ᠮᠡᠳᠡᠷᠡᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号