2 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠲᠦᠮᠡᠳ ᠵᠡᠭᠦᠨ ᠬᠤᠰᠢᠭᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠮᠡᠳ ᠵᠡᠭᠦᠨ ᠬᠤᠰᠢᠭᠤᠨ ᠤ 2025 | ᠣᠨ ᠤ ᠬᠤᠶᠠᠳᠤᠭᠠᠷ ᠪᠦᠯᠦᠭ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠬᠤ ᠬᠢᠷᠢ ᠬᠡᠮ ᠤᠨ ᠠᠩᠬᠠᠨ ᠤ | ᠬᠢᠨᠠᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠭᠤᠤ ᠵᠢᠶᠠᠨ ᠶᠦᠩ ᠬᠤᠷᠠᠯ ᠡᠷᠭᠢᠯᠡᠵᠦ᠂ | ᠪᠥᠬᠦ ᠬᠤᠰᠢᠭᠤᠨ ᠤ ᠡᠯ᠎ᠡ ᠠᠵᠢᠯᠲᠠᠨ ᠡᠯᠰᠡᠬᠦ ᠨᠢᠭᠡᠴᠡ ᠶᠢᠨ ᠬᠢᠨᠠᠨ ᠬᠠᠷᠭᠤᠭᠤᠯᠤᠭᠴᠢ ᠬᠤᠷᠠᠯ ᠳᠤ ᠣᠷᠣᠯᠴᠠᠵᠠᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ | ᠠᠵᠢᠯ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ | ᠪᠠᠶᠢᠳᠠᠭ᠂ ᠠᠵᠢᠯ ᠣᠯᠭᠤᠯᠲᠠ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠬᠢᠷᠢ ᠬᠡᠮ ᠤᠨ ᠠᠩᠬᠠᠨ ᠤ | ᠬᠢᠨᠠᠯᠲᠠ ᠶᠢ ᠢᠯᠡ ᠪᠠᠷ ᠠᠵᠢᠯᠲᠠᠨ ᠡᠯᠰᠡᠬᠦ ᠠᠵᠢᠯ ᠤᠨ ᠴᠢᠬᠤᠯᠠ ᠭᠤᠭᠴᠤᠭ᠎ᠠ ᠪᠣᠯᠭᠠᠵᠤ᠂ ᠬᠢᠨᠠᠨ ᠬᠠᠷᠭᠤᠭᠤᠯᠬᠤ | ᠠᠵᠢᠯᠲᠠᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠷᠢ ᠬᠡᠮ ᠤᠨ ᠠᠩᠬᠠᠨ ᠤ ᠬᠢᠨᠠᠯᠲᠠ ᠶᠢᠨ | ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠣᠭᠤᠮᠲᠠ ᠶᠢ ᠰᠠᠶᠢᠲᠤᠷ ᠡᠵᠡᠮᠳᠡᠵᠦ᠂ ᠰᠠᠶᠢᠲᠤᠷ ᠡᠬᠢᠯᠡᠭᠦᠯᠬᠦ | ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠬᠢᠨᠠᠨ ᠬᠠᠷᠭᠤᠭᠤᠯᠬᠤ ᠠᠵᠢᠯᠲᠠᠳ ᠢᠯᠡ ᠪᠠᠷ ᠡᠯᠰᠡᠬᠦ ᠠᠯᠪᠠᠨ ᠵᠠᠷ ᠵᠢᠴᠢ | ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠬᠢᠨᠠᠮᠠᠭᠠᠶ ᠰᠤᠷᠤᠯᠴᠠᠵᠤ᠂ ᠪᠣᠯᠪᠠᠰᠤᠷᠠᠩᠭᠤᠶ ᠡᠵᠡᠮᠰᠢᠵᠦ᠂ ᠲᠣᠭᠲᠠᠭᠠᠯ ᠢ ᠴᠢᠩᠭ᠎ᠠ ᠵᠢᠷᠤᠮᠯᠠᠨ ᠬᠢᠨᠠᠵᠤ᠂ ᠲᠠᠰ | ᠳᠠᠷᠠᠭᠠᠯᠠᠯ ᠢᠶᠠᠷ ᠬᠢᠨᠠᠬᠤ ᠬᠡᠷᠡᠭᠲᠡᠶ᠃ ᠰᠠᠬᠢᠯᠭ᠎ᠠ ᠪᠠᠲᠤ ᠶᠢᠨ ᠵᠠᠷᠴᠢᠮ ᠢ ᠴᠢᠩᠭ᠎ᠠ ᠰᠠᠬᠢᠵᠤ᠂ ᠬᠢᠨᠠᠨ ᠬᠠᠷᠭᠤᠭᠤᠯᠬᠤ | ᠪᠠᠷᠢᠮᠵᠢᠶ᠎ᠠ ᠶᠢ ᠨᠢᠭᠡᠳᠬᠡᠵᠦ᠂ ᠢᠯᠡ ᠪᠠᠷ ᠤᠷᠢᠬᠤ ᠠᠵᠢᠯ ᠤᠨ ᠡᠷᠬᠡ ᠲᠡᠭᠰᠢ ᠲᠥᠪ ᠭᠤᠣᠯᠴᠢ᠂ ᠲᠣᠭᠲᠠᠭᠤᠨ ᠡᠮᠬᠢ | ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ | ᠪᠣᠯᠪᠠᠰᠤᠷᠠᠯ ᠤᠨ ᠬᠤᠷᠠᠯ ᠳᠡᠭᠡᠷ᠎ᠡ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠲᠠᠰᠤᠭ ᠤᠨ ᠠᠵᠢᠯᠲᠠᠳ ᠲᠣᠰ ᠤᠳᠠᠭᠠᠨ ᠤ ᠢᠯᠡ ᠪᠠᠷ ᠤᠷᠢᠬᠤ | ᠬᠢᠷᠢ ᠬᠡᠮ ᠤᠨ ᠠᠩᠬᠠᠨ ᠤ ᠬᠢᠨᠠᠯᠲᠠ ᠳᠤ ᠠᠩᠬᠠᠷᠬᠤ ᠵᠦᠢᠯᠡᠰ ᠵᠡᠷᠭᠡ ᠠᠭᠤᠯᠭ᠎ᠠ ᠳᠤ ᠪᠣᠯᠪᠠᠰᠤᠷᠠᠯ ᠬᠦᠷᠲᠡᠭᠡᠪᠡ᠃ |