ᠲᠦᠮᠡᠳ ᠵᠡᠭᠦᠨ ᠬᠤᠰᠢᠭᠤ 2025 ᠣᠨ ᠤ ᠪᠥᠬᠦ ᠬᠤᠰᠢᠭᠤᠨ ᠤ ᠵᠡᠮᠳᠡᠭᠴᠦᠳ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/25
    2025 ᠣᠨ ᠤ ᠵᠡᠮᠳᠡᠭᠴᠦᠳ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢᠨ ᠲᠥᠯᠥᠭᠡ᠂ 2 ᠰᠠᠷ᠎ᠠ ᠶᠢᠨ 21 ᠤ ᠡᠳᠦᠷ᠂ ᠲᠦᠮᠡᠳ ᠵᠡᠭᠦᠨ ᠬᠤᠰᠢᠭᠤ 2025 ᠣᠨ ᠤ ᠪᠥᠬᠦ ᠬᠤᠰᠢᠭᠤᠨ ᠤ ᠵᠡᠮᠳᠡᠭᠴᠦᠳ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠪᠥᠬᠦ ᠺᠠᠳ᠋ᠷ ᠠᠵᠢᠯᠲᠠᠨ ᠠᠵᠢᠯᠴᠢᠨ᠂ ᠡᠯ᠎ᠡ ᠰᠢᠶᠠᠩ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠪᠠ ᠲᠤᠰᠬᠠᠶ ᠲᠤᠰᠢᠶᠠᠯᠲᠤ ᠭᠡᠰᠢᠭᠦᠨ ᠬᠤᠷᠠᠯ ᠳᠤ ᠣᠷᠣᠯᠴᠠᠵᠠᠶ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ 2024 ᠣᠨ ᠤ ᠪᠥᠬᠦ ᠬᠤᠰᠢᠭᠤᠨ ᠤ ᠵᠡᠮᠳᠡᠭᠴᠦᠳ ᠤᠨ ᠠᠵᠢᠯ ᠢ ᠪᠥᠬᠦ ᠲᠠᠯ᠎ᠠ ᠪᠠᠷ ᠳ᠋ᠦᠩᠨᠡᠬᠦ ᠶᠢᠨ ᠬᠠᠮᠲᠤ 2025 ᠣᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠳᠡᠭᠡᠳᠦ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠬᠠᠯᠠᠮᠵᠢᠯᠠᠯ ᠵᠢᠯᠣᠭᠤᠳᠣᠯᠭ᠎ᠠ ᠳᠣᠤᠷ᠎ᠠ᠂ ᠪᠥᠬᠦ ᠬᠤᠰᠢᠭᠤᠨ ᠤ ᠵᠡᠮᠳᠡᠭᠴᠦᠳ ᠤᠨ ᠠᠵᠢᠯᠲᠠᠨ ᠤ ᠡᠷᠴᠢ ᠵᠣᠷᠢᠭ ᠢᠶᠠᠨ ᠬᠥᠪᠴᠢᠯᠡᠵᠦ᠂ ᠡᠷᠡᠮᠡᠬᠡᠶᠢᠯᠡᠨ ᠤᠷᠤᠭᠰᠢᠯᠠᠬᠤ ᠡᠷᠴᠢ ᠵᠣᠷᠢᠭ ᠢᠶᠠᠨ ᠬᠥᠪᠴᠢᠯᠡᠵᠦ᠂ ᠥᠷᠭᠡᠨ ᠣᠯᠠᠨ ᠵᠡᠮᠳᠡᠭᠴᠦᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠬᠠᠮᠵᠢᠯᠴᠠᠭ᠎ᠠ ᠳᠣᠤᠷ᠎ᠠ᠂ ᠮᠠᠨ ᠤ ᠬᠤᠰᠢᠭᠤᠨ ᠤ ᠵᠡᠮᠳᠡᠭᠴᠦᠳ ᠤᠨ ᠡᠯ᠎ᠡ ᠵᠦᠢᠯ ᠤᠨ ᠠᠵᠢᠯ ᠤᠨ ᠲᠣᠭᠲᠠᠭᠤᠨ ᠲᠦᠷᠭᠡᠨ ᠬᠥᠭᠵᠢᠯᠲᠡ ᠶᠢ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ     ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠡᠴᠦᠰ ᠤᠨ ᠵᠢᠯ ᠪᠣᠯᠤᠨ᠎ᠠ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠲᠥᠯᠥᠪᠵᠢᠭᠦᠯᠬᠦ ᠵᠢᠯ ᠪᠣᠯᠤᠨ᠎ᠠ᠃ ᠵᠡᠮᠳᠡᠭᠴᠦᠳ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠵᠡᠮᠳᠡᠭᠴᠦᠳ ᠤᠨ ᠦᠢᠯᠡᠰ ᠤᠨ ᠲᠤᠬᠠᠶ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠵᠡᠮᠳᠡᠭᠴᠦᠳ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠤᠨ᠂ ᠮᠠᠨ ᠤ ᠬᠤᠰᠢᠭᠤᠨ ᠤ ᠵᠡᠮᠳᠡᠭᠴᠦᠳ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠶ᠃    ᠲᠣᠰ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ 2025 ᠣᠨ ᠤ ᠪᠥᠬᠦ ᠬᠤᠰᠢᠭᠤᠨ ᠤ ᠵᠡᠮᠳᠡᠭᠴᠦᠳ ᠤᠨ ᠠᠵᠢᠯ ᠳᠤ ᠬᠠᠷᠠᠯᠲᠠ ᠪᠠᠨ ᠲᠣᠭᠲᠠᠭᠠᠵᠤ᠂ ᠬᠦᠴᠦᠨ ᠴᠢᠳᠠᠯ ᠢᠶᠠᠨ ᠨᠢᠭᠲᠠᠷᠠᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠪᠦᠯᠬᠦᠮᠳᠡᠨ ᠨᠢᠭᠡᠳᠴᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠠᠵᠢᠯᠯᠠᠵᠤ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号