ᠬᠡᠦᠬᠡᠳ ᠤᠨ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠢ ᠬᠥᠭᠵᠢᠭᠡᠵᠦ᠂ ᠬᠠᠷᠠᠬᠠᠨ ᠪᠠᠭ᠎ᠠ ᠠᠴᠠ ᠪᠠᠨ | ᠰᠣᠶᠣᠯ ᠤᠨ ᠢᠲᠡᠭᠡᠯ ᠢ ᠭᠦᠨᠵᠡᠭᠡᠶᠢᠷᠡᠬᠦᠯᠬᠦ ᠶᠢᠨ ᠲᠥᠯᠥᠭᠡ᠂ 2 ᠰᠠᠷ᠎ᠠ ᠶᠢᠨ 24 ᠤ ᠡᠳᠦᠷ ᠰᠤᠷᠭᠠᠭᠤᠯᠢ | ᠡᠬᠢᠯᠡᠭᠰᠡᠨ ᠠᠩᠬᠠᠨ ᠤ ᠡᠳᠦᠷ᠂ ᠲᠦᠮᠡᠳ ᠵᠡᠭᠦᠨ ᠬᠤᠰᠢᠭᠤᠨ ᠤ ᠤᠯᠠᠭᠠᠨᠬᠦᠦ ᠬᠡᠦᠬᠡᠳ ᠤᠨ ᠴᠡᠴᠡᠷᠯᠢᠭ ᠨᠢ | ᠺᠠᠷᠲ᠋ᠣᠨ ᠺᠢᠨᠤ᠋ ︽ᠨᠧ ᠵᠠ︾ ᠪᠠᠷ ᠠᠴᠢᠶᠠᠯᠠᠪᠤᠷᠢ ᠪᠣᠯᠭᠠᠵᠤ᠂ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢᠶᠠᠷ | ᠳᠠᠮᠵᠢᠭᠤᠯᠤᠨ᠂ ᠤᠯᠠᠮᠵᠢᠯᠠᠯᠲᠤ ᠰᠣᠶᠣᠯ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠰᠤᠷᠭᠠᠭᠤᠯᠢ ᠡᠬᠢᠯᠡᠬᠦ | ᠬᠥᠮᠦᠵᠢᠯ ᠳᠤ ᠠᠭᠤᠰᠤᠯᠴᠠᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠥᠷᠨᠢᠭᠦᠨ ᠵᠢᠪᠬᠤᠭ᠎ᠠ ᠨᠡᠮᠡᠷᠢᠯᠡᠪᠡ | ᠃ | ᠬᠢᠴᠢᠶᠡᠯ ᠤᠨ ᠲᠠᠩᠬᠢᠮ ᠳᠤ᠂ ᠬᠡᠦᠬᠡᠳ ᠤᠳ ᠬᠠᠮᠲᠤ ᠪᠠᠷ ︽ᠨᠧ ᠵᠠ︾ ︽ᠤᠤ ᠪᠢᠩ︾ ᠤᠨ ᠫᠠᠶᠢᠰᠠ | ᠠᠳᠬᠤᠵᠤ᠂ ᠬᠥᠮᠥᠨ ᠪᠦᠬᠦᠨ ᠬᠠᠷᠢᠯᠴᠠᠨ ᠬᠥᠳᠡᠯᠦᠯᠴᠡᠬᠦ᠂ ᠢᠳᠡᠪᠬᠢᠲᠡᠢ ᠪᠠᠷ ᠭᠠᠷ ᠡᠷᠭᠦᠨ ᠠᠰᠠᠭᠤᠯᠲᠠ | ᠬᠠᠷᠢᠭᠤᠯᠵᠤ᠂ ᠰᠣᠨᠢᠷᠬᠠᠯ ᠤᠨ ᠳᠤᠮᠳᠠ ᠤᠯᠠᠮᠵᠢᠯᠠᠯᠲᠤ ᠰᠣᠶᠣᠯ ᠤᠨ ᠤᠶᠤᠨ ᠰᠠᠨᠠᠭᠠᠨ ᠤ ᠬᠦᠴᠦᠨ ᠢ ᠮᠡᠳᠡᠷᠡᠪᠡ᠃ |