ᠲᠦᠮᠡᠳ ᠵᠡᠭᠦᠨ ᠬᠤᠰᠢᠭᠤ 2025 ᠣᠨ ᠳᠤ 18.0528 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2025/2/28
    2025 ᠣᠨ ᠳᠤ ᠲᠦᠮᠡᠳ ᠵᠡᠭᠦᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 18.0528 ᠲᠦᠮᠡᠨ ᠮᠥ ᠪᠠᠶᠢᠭᠤᠯᠬᠤ ᠪᠠᠷ ᠲᠥᠯᠥᠪᠯᠡᠵᠦ᠂ ᠡᠭᠦᠨ ᠳᠤ ᠰᠢᠨ᠎ᠡ ᠪᠠᠷ ᠪᠠᠶᠢᠭᠤᠯᠤᠭᠰᠠᠨ ᠲᠠᠯᠠᠪᠠᠶ ᠨᠢ 12.5716 ᠲᠦᠮᠡᠨ ᠮᠥ ᠳᠤ ᠬᠦᠷᠴᠦ᠂ 5.4812 ᠲᠦᠮᠡᠨ ᠮᠥ ᠳᠤ ᠥᠭᠡᠷᠡᠴᠢᠯᠡᠨ ᠳᠡᠭᠡᠭᠰᠢᠯᠡᠭᠦᠯᠵᠦ᠂ ᠲᠠᠷᠢᠶᠠᠯᠠᠩ ᠤᠨ ᠣᠳᠣᠬᠢᠴᠢᠯᠠᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃    ᠲᠦᠮᠡᠳ ᠵᠡᠭᠦᠨ ᠬᠤᠰᠢᠭᠤ 2025 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠨᠲᠡ 1 ᠰᠠᠷ᠎ᠠ ᠶᠢᠨ 19 ᠤ ᠡᠳᠦᠷ ᠵᠢᠩᠬᠢᠨᠢ ᠪᠠᠷ ᠰᠦᠯᠵᠢᠶᠡᠨ ᠳᠤ ᠳᠠᠭᠠᠭᠠᠴᠢᠯᠠᠯᠲᠠ ᠵᠠᠷᠯᠠᠵᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠠᠭᠠᠭᠠᠴᠢᠯᠠᠭᠰᠠᠨ ᠬᠡᠰᠡᠭ ᠢ ᠵᠠᠷᠯᠠᠨ ᠨᠡᠶᠢᠲᠡᠯᠡᠵᠦ᠂ 3 ᠰᠠᠷ᠎ᠠ ᠶᠢᠨ 17 ᠠᠴᠠ 18 ᠤ ᠡᠳᠦᠷ ᠪᠣᠯᠲᠠᠯ᠎ᠠ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠶᠢᠨ ᠳᠠᠭᠠᠭᠠᠴᠢᠯᠠᠯᠲᠠ ᠵᠠᠷᠯᠠᠬᠤ ᠠᠵᠢᠯ ᠢ ᠪᠡᠶᠡᠯᠡᠭᠦᠯᠬᠦ ᠪᠠᠷ ᠲᠥᠯᠥᠪᠯᠡᠵᠦ᠂ 3 ᠰᠠᠷ᠎ᠠ ᠶᠢᠨ 20 ᠤ ᠡᠳᠦᠷ ᠪᠦᠬᠦᠨ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢᠨ ᠬᠠᠮᠲᠤ 2025 ᠣᠨ ᠤ 11 ᠰᠠᠷ᠎ᠠ ᠶᠢᠨ 20 ᠤ ᠡᠳᠦᠷ ᠭᠤᠤᠯ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃    ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠮᠥᠨ᠃ 2025 ᠣᠨ ᠳᠤ᠂ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号