ᠪᠣᠤ ᠭᠠᠩ ᠲᠦᠮᠡᠳ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠠᠵᠤ ᠦᠢᠯᠡᠳᠪᠦᠷᠢ ᠪᠣᠯᠤᠨ ᠲᠦᠷᠦᠯ ᠵᠦᠢᠯ ᠤᠨ ᠲᠤᠯᠭᠠᠭᠤᠷᠢᠯᠠᠯ ᠢ ᠲᠤᠪᠤᠶᠢᠯᠭᠠᠨ ᠰᠠᠶᠢᠲᠤᠷ ᠠᠳᠬᠤᠵᠤ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2025/2/28
    2 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠦᠮᠡᠳ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠪᠠ᠃    ᠪᠣᠣ ᠭᠠᠩ ᠲᠦᠮᠡᠳ ᠵᠡᠭᠦᠨ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠳᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠦᠬᠦᠭᠡᠷᠦᠮᠵᠢᠳᠤ ᠲᠠᠷᠢᠶᠠᠯᠠᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠮᠡᠳ ᠵᠡᠭᠦᠨ ᠬᠤᠰᠢᠭᠤ ᠪᠣᠯ ᠲᠠᠷᠢᠶᠠᠯᠠᠩ ᠤᠨ ᠲᠤᠮᠤ ᠬᠤᠰᠢᠭᠤ ᠪᠣᠯᠤᠨ᠎ᠠ᠂  ᠬᠡᠯᠬᠢᠶ᠎ᠡ ᠶᠢᠨ ᠰᠡᠳᠬᠢᠬᠦᠢ ᠪᠠᠷ ᠲᠠᠷᠢᠶᠠᠯᠠᠩ ᠢ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠳᠤ ᠦᠶ᠎ᠡ ᠶᠢᠨ ᠤᠨᠴᠠᠯᠢᠬᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠣᠯᠤᠨ ᠬᠡᠪᠴᠢᠶᠡᠵᠢᠭᠰᠡᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃    ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠳᠤ᠂ ᠪᠣᠣ ᠭᠠᠩ ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠬᠠᠨᠳᠤᠰᠢ ᠶᠢᠨ ᠴᠢᠭᠯᠡᠯ ᠪᠣᠯᠤᠨ᠎ᠠ᠂ ᠡᠨᠡ ᠨᠢ ᠪᠦᠬᠦ ᠲᠠᠯ᠎ᠠ ᠳᠤ ᠬᠤᠯᠪᠣᠭᠳᠠᠵᠤ᠂ ᠬᠤᠶᠢᠰᠢᠳᠠ ᠶᠢᠨ ᠪᠠᠶᠢᠳᠠᠯ ᠳᠤ ᠬᠤᠯᠪᠣᠭᠳᠠᠨ᠎ᠠ᠃ ᠣᠳᠣᠬᠠᠨ ᠳᠤ᠂ ᠲᠦᠮᠡᠳ ᠵᠡᠭᠦᠨ ᠬᠤᠰᠢᠭᠤᠨ ᠤ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠶᠢ ᠪᠠᠳᠠᠷᠠᠭᠤᠯᠵᠤ᠂ ᠶᠡᠭᠡ ᠬᠡᠮᠵᠢᠶᠡᠨ ᠤ ᠠᠵᠢᠯ ᠢ ᠯᠠᠪᠳᠠᠭᠤᠨ ᠪᠠᠲᠤᠲᠠᠢ ᠬᠢᠵᠦ᠂ ᠴᠤᠭ ᠪᠠᠳᠠᠷᠠᠩᠭᠤᠢ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠤᠯᠤᠰ ᠤᠨ ᠲᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠠᠵᠤ ᠦᠢᠯᠡᠳᠪᠦᠷᠢ ᠪᠣᠯᠤᠨ ᠲᠦᠷᠦᠯ ᠵᠦᠢᠯ ᠤᠨ ᠲᠤᠯᠭᠠᠭᠤᠷᠢᠯᠠᠯ ᠢ ᠲᠤᠪᠤᠶᠢᠮ᠎ᠠ ᠰᠠᠶᠢᠲᠤᠷ ᠠᠳᠬᠤᠵᠤ᠂ ᠢᠯᠢ᠂ ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠪᠤᠳᠤᠬᠤ ᠬᠦᠴᠦᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠵᠦ᠂ ᠳᠠᠪᠠᠭᠤᠯᠢᠭ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠳᠠᠯᠠᠨ ᠬᠠᠷ᠎ᠠ ᠠᠭᠤᠯᠠ᠂ ᠬᠠᠷ᠎ᠠ ᠤᠰᠤ᠂ ᠬᠠᠯᠢᠭᠤ ᠤᠰᠤᠨ ᠴᠥᠭᠦᠷᠥᠮ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠦᠵᠡᠮᠵᠢ ᠶᠢᠨ ᠣᠷᠣᠨ ᠦᠵᠡᠮᠵᠢ ᠶᠢᠨ ᠴᠡᠭ ᠢ ᠬᠤᠯᠪᠣᠨ ᠱᠤᠭᠤᠮ ᠪᠣᠯᠭᠠᠵᠤ᠂ ᠪᠦᠬᠦ ᠲᠠᠯ᠎ᠠ ᠪᠠᠷ ᠬᠤᠯᠪᠣᠬᠤ ᠬᠡᠷᠡᠭᠲᠡᠶ᠃ ᠵᠢᠨᠴᠤᠸᠠᠨ ᠤ ᠣᠷᠣᠨ ᠪᠦᠰᠡ ᠶᠢᠨ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠢᠵᠢ ᠪᠦᠷᠢᠳᠦᠭᠰᠡᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠢᠨᠴᠤᠸᠠᠨ ᠪᠣᠯᠤᠨ ᠬᠤᠳᠠ ᠶᠢᠨ ᠲᠣᠭᠤᠷᠢᠭ ᠢ ᠨᠢᠭᠡ ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃    ᠴᠢᠶᠣᠤ ᠢᠦᠢ ᡂᠢ᠂ ᠼᠤᠤ ᡁᠢ᠂ ᠭᠤᠤ ᠬᠠᠨ ᠣᠷᠣᠯᠴᠠᠵᠠᠢ᠃
 
ᠢᠷᠡᠯᠲᠡ᠄ ᠴᠢᠩ ᠴᠧᠩ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号