ᠴᠠᠭᠠᠨ ᠰᠠᠷ᠎ᠠ ᠶᠢᠨ ᠬᠤᠭᠤᠴᠠᠭᠠᠨ ᠳᠤ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠬᠠᠷᠢᠶᠠᠲᠤ ᠣᠷᠣᠨ ᠤ ᠪᠠᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ | ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ | ᠰᠡᠷᠭᠡᠶᠢᠯᠡᠨ ᠴᠣᠬᠢᠯᠲᠠ ᠥᠭᠴᠦ᠂ ᠴᠠᠭᠠᠨ ᠰᠠᠷ᠎ᠠ ᠶᠢᠨ ᠬᠤᠭᠤᠴᠠᠭᠠᠨ ᠳᠤ ᠬᠠᠷᠢᠶᠠᠲᠤ ᠣᠷᠣᠨ ᠤ ᠠᠮᠤᠷ ᠲᠦᠪᠰᠢᠨ | ᠪᠠᠶᠠᠷ ᠬᠥᠷ ᠲᠠᠢ ᠰᠢᠨ᠎ᠡ ᠵᠢᠯ ᠢᠶᠠᠨ ᠥᠩᠭᠡᠷᠡᠭᠦᠯᠬᠦ ᠶᠢ ᠪᠠᠲᠤᠯᠠᠪᠠ᠃ | ᠴᠠᠭᠳᠠᠨ ᠪᠠᠶᠢᠴᠠᠭᠠᠬᠤ ᠶᠠᠪᠤᠴᠠ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠴᠠᠭᠳᠠᠭ᠎ᠠ | ᠨᠠᠷ ᠤᠨ ᠵᠡᠭᠡᠯᠢ ᠭᠤᠳᠤᠮᠵᠢ ᠶᠢ ᠨᠠᠶᠢᠳᠠᠪᠤᠷᠢᠵᠢᠭᠤᠯᠬᠤ᠂ ᠬᠦᠳᠡᠯᠦᠩᠭᠦᠢ ᠪᠠᠷ ᠠᠵᠢᠯᠯᠠᠬᠤ ᠳᠤ ᠪᠡᠯᠡᠳᠬᠡᠬᠦ᠂ | ᠭᠡᠨᠡᠳᠲᠡ ᠶᠢᠨ ᠬᠡᠷᠡᠭ ᠢ ᠲᠦᠷᠭᠡᠨ ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠴᠠᠭᠳᠠᠭᠠᠨ ᠤ | ᠬᠦᠴᠦᠨ ᠢ ᠵᠣᠬᠢᠶᠠᠨ ᠪᠠᠶᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠰᠠᠬᠢᠨ ᠬᠠᠮᠠᠭᠠᠯᠠᠬᠤ᠂ ᠲᠡᠷᠭᠡ ᠪᠠᠷ ᠲᠣᠭᠤᠷᠢᠨ | ᠪᠠᠶᠢᠴᠠᠭᠠᠬᠤ ᠪᠠ ᠶᠠᠪᠠᠭᠠᠨ ᠲᠣᠭᠤᠷᠢᠨ ᠪᠠᠶᠢᠴᠠᠭᠠᠬᠤ ᠶᠢ ᠤᠶᠠᠯᠳᠤᠭᠤᠯᠤᠭᠰᠠᠨ ᠨᠡᠭᠦᠳᠡᠯ ᠴᠠᠭᠳᠠᠨ ᠲᠣᠭᠤᠷᠢᠬᠤ | ᠠᠷᠭ᠎ᠠ ᠬᠡᠯᠪᠡᠷᠢ ᠶᠢ ᠠᠪᠴᠤ᠂ ᠬᠠᠷᠢᠶ᠎ᠠ ᠣᠷᠣᠨ ᠤ ᠭᠤᠤᠯᠳᠠᠯᠭ᠎ᠠ ᠲᠠᠢ ᠨᠢᠭᠡᠴᠡ᠂ ᠴᠢᠬᠤᠯᠠ ᠵᠠᠮ ᠤᠨ ᠬᠡᠰᠡᠭ᠂ | ᠭᠤᠤᠯᠳᠠᠯᠭ᠎ᠠ ᠲᠠᠢ ᠲᠠᠯᠠᠪᠤᠷ ᠭᠠᠵᠠᠷ᠂ ᠤᠯᠠᠨ ᠬᠦᠮᠦᠨ ᠲᠥᠪᠯᠡᠷᠡᠭᠰᠡᠨ ᠣᠷᠣᠨ ᠪᠦᠰᠡ ᠳᠤ ᠲᠣᠭᠲᠠᠭᠰᠠᠨ ᠴᠠᠭ | ᠥᠬᠡᠶ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠣᠯᠠᠨ | ᠲᠦᠮᠡᠨ ᠳᠤ ᠠᠮᠤᠷ ᠲᠠᠶᠢᠪᠤᠩ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ | ᠲᠣᠭᠤᠷᠢᠨ ᠴᠠᠭᠳᠠᠬᠤ ᠶᠢᠨ ᠬᠠᠮᠲᠤ᠂ ᠠᠷᠠᠳ ᠤᠨ ᠲᠤᠰᠠᠯᠠᠬᠤ ᠴᠠᠭᠳᠠᠭ᠎ᠠ ᠨᠢᠭᠤᠷᠲᠠᠨ ᠤᠬᠠᠭᠤᠯᠤᠨ | ᠲᠠᠶᠢᠯᠪᠤᠷᠢᠯᠠᠬᠤ ᠠᠷᠭ᠎ᠠ ᠬᠡᠯᠪᠡᠷᠢ ᠶᠢ ᠠᠪᠴᠤ᠂ ᠬᠠᠷᠢᠶ᠎ᠠ ᠣᠷᠣᠨ ᠤ ᠣᠯᠠᠨ ᠲᠦᠮᠡᠨ ᠳᠤ ᠬᠤᠤᠷ ᠴᠠᠭᠠᠵᠠᠯᠠᠬᠤ᠂ | ᠬᠤᠸᠠᠷ ᠫᠤᠤᠵᠢᠩ ᠠᠮᠤᠷ ᠲᠦᠪᠰᠢᠨ ᠢᠶᠠᠷ ᠲᠠᠯᠪᠢᠬᠤ᠂ ᠭᠠᠯ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ | ᠮᠡᠬᠡᠯᠡᠬᠦ ᠶᠢ ᠰᠡᠷᠭᠡᠶᠢᠯᠡᠬᠦ ᠵᠡᠷᠭᠡ ᠤᠬᠠᠭᠤᠯᠭ᠎ᠠ ᠶᠢᠨ ᠠᠵᠢᠯᠯᠠᠭ᠎ᠠ ᠬᠢᠪᠡ᠃ ᠠᠮᠤᠷ ᠲᠦᠪᠰᠢᠨ ᠤ ᠭᠡᠮ ᠰᠣᠭᠤᠭ ᠢ | ᠦᠨᠡᠨᠬᠦ ᠪᠠᠭᠠᠰᠬᠠᠵᠤ᠂ ᠰᠠᠭᠤᠭᠠᠯᠢ ᠠᠷᠠᠳ ᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠡᠳ᠋ᠯᠡᠬᠦ ᠶᠢᠨ ᠬᠠᠮᠲᠤ | ᠠᠮᠤᠷ ᠲᠦᠪᠰᠢᠨ ᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠮᠤᠷ ᠲᠦᠪᠰᠢᠨ᠂ ᠡᠶ᠎ᠡ ᠨᠠᠶᠢᠷᠠᠮᠳᠠᠭᠤ ᠪᠠᠶᠠᠷ ᠤᠨ | ᠡᠳᠦᠷ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠢᠯ ᠲᠥᠷᠥᠯ ᠤᠨ ᠲᠠᠯᠠᠪᠤᠷ | ᠭᠠᠵᠠᠷ ᠤᠨ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠬᠠᠷᠢᠶᠠᠲᠤ ᠣᠷᠣᠨ ᠤ ᠳᠣᠲᠣᠷᠠᠬᠢ ᠵᠤᠭ᠎ᠠ | ᠴᠡᠩᠭᠡᠯ ᠤᠨ ᠲᠠᠯᠠᠪᠤᠷ᠂ ᠵᠣᠴᠢᠳ ᠤᠨ ᠪᠠᠭᠤᠳᠠᠯ᠂ ᠲᠦᠷᠢᠶᠡᠰᠦᠨ ᠬᠡᠷ᠂ ᠰᠦᠯᠵᠢᠶᠡᠨ ᠤ ᠪᠠᠭᠠᠷ᠂ ktv ᠵᠡᠷᠭᠡ | ᠶᠢᠰᠦᠨ ᠵᠢᠵᠢᠭ ᠲᠠᠯᠠᠪᠤᠷ᠂ ᠭᠤᠷᠪᠠ ᠶᠢ ᠨᠢᠭᠡᠳᠬᠡᠭᠰᠡᠨ ᠲᠠᠯᠠᠪᠤᠷ ᠲᠤ ᠪᠠᠶᠢᠴᠠᠭᠠᠯᠲᠠ ᠬᠢᠵᠦ᠂ ︽ᠱᠠᠯᠢᠭ ᠵᠠᠪᠬᠠᠶ᠂ | ᠵᠣᠭᠤᠰ ᠨᠠᠭᠠᠳᠬᠤ ᠬᠤᠤᠷᠲᠤ ᠡᠳ᠋︾ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠡᠭᠦᠨ ᠤ ᠬᠠᠮᠲᠤ᠂ ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ | ᠳᠣᠲᠣᠭᠠᠳᠤ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠠᠵᠢᠯ ᠲᠥᠷᠥᠯ ᠤᠨ ᠲᠠᠯᠠᠪᠤᠷ | ᠭᠠᠵᠠᠷ ᠤᠨ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠭᠦᠯᠵᠦ | ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠬᠦᠴᠦᠨ ᠢᠶᠠᠷ ᠢᠶᠠᠨ | ᠠᠷᠢᠯᠭᠠᠵᠤ᠂ ᠠᠵᠢᠯ ᠡᠷᠭᠢᠯᠡᠭᠰᠡᠳ ᠢ ᠬᠥᠲᠥᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠢ ᠨᠢ ᠳᠡᠭᠡᠭᠰᠢᠯᠡᠭᠦᠯᠵᠦ᠂ ᠠᠮᠤᠷ ᠲᠦᠪᠰᠢᠨ ᠢ ᠦᠨᠡᠨᠬᠦ ᠡᠯ᠎ᠡ ᠵᠦᠢᠯ ᠤᠨ ᠠᠵᠢᠯ ᠤᠨ ᠪᠥᠬᠦ ᠶᠠᠪᠤᠴᠠ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠴᠠᠭᠠᠨ ᠰᠠᠷ᠎ᠠ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠠᠳᠠᠯᠢ ᠬᠤᠭᠤᠴᠠᠭᠠᠨ ᠤ ᠬᠢ ᠠᠴᠠ ᠠᠮᠤᠷ ᠢ | ᠬᠠᠮᠠᠭᠠᠯᠠᠬᠤ ᠲᠥᠷᠥᠯ ᠤᠨ ᠴᠠᠭᠳᠠᠭᠠᠨ ᠤ ᠪᠠᠶᠢᠳᠠᠯ 72% ᠢᠶᠠᠷ ᠪᠠᠭᠤᠷᠠᠵᠤ᠂ ᠵᠢᠭᠤᠷᠠᠯᠳᠤᠭᠠᠨ ᠤ ᠲᠥᠷᠥᠯ ᠤᠨ | ᠴᠠᠭᠳᠠᠭᠠᠨ ᠤ ᠪᠠᠶᠢᠳᠠᠯ 26% ᠪᠠᠷ ᠪᠠᠭᠤᠷᠠᠵᠤ᠂ ᠨᠡᠶᠢᠲᠡ 700 ᠭᠠᠷᠤᠶ ᠴᠠᠭᠳᠠᠭᠠᠨ ᠤ ᠬᠦᠴᠦᠨ ᠢ ᠬᠥᠳᠡᠯᠭᠡᠵᠦ᠂ | 30 ᠭᠠᠷᠤᠶ ᠵᠢᠵᠢᠭᠦᠷᠯᠡᠬᠦ ᠴᠡᠭ ᠪᠠᠶᠢᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ | ᠲᠣᠭᠲᠠᠭᠤᠨ ᠢᠶᠠᠷ ᠡᠵᠡᠮᠳᠡᠵᠦ ᠪᠣᠯᠤᠨ᠎ᠠ᠃ | ᠰᠢᠨ᠎ᠡ ᠨᠢᠭᠡᠨ ᠵᠢᠯ ᠳᠤ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠲᠠᠶᠢᠯᠪᠤᠷᠢᠯᠠᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠠᠷᠠᠳ ᠤᠨ ᠲᠥᠯᠥᠭᠡ | ᠢᠳᠡᠪᠬᠢᠲᠡᠶ ᠪᠠᠷ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠵᠦ᠂ ᠬᠠᠷᠢᠶ᠎ᠠ | ᠣᠷᠣᠨ ᠤ ᠪᠠᠨ ᠠᠷᠠᠳ ᠣᠯᠠᠨ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠠᠮᠤᠷ ᠲᠦᠪᠰᠢᠨ ᠤ ᠣᠷᠴᠢᠨ | ᠲᠣᠭᠤᠷᠢᠨ ᠢ ᠪᠣᠶ ᠪᠣᠯᠭᠠᠵᠤ ᠥᠭᠬᠦ ᠪᠠᠷ ᠪᠠᠶᠢᠨ᠎ᠠ᠃ |