ᠺᠤᠸᠠᠨ ᠴᠧᠩ ᠨᠡᠶᠢᠭᠡᠮ ᠲᠣᠭᠤᠷᠢᠭ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠦᠨᠳᠦᠰᠦᠨ ᠱᠠᠲᠤᠨ ᠳᠤ ᠪᠠᠭᠤᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/7
    ᠪᠥᠬᠦ ᠣᠷᠣᠨ ᠤ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠨᠡᠶᠢᠭᠡᠮ ᠲᠣᠭᠤᠷᠢᠭ ᠢ ᠬᠠᠮᠵᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠵᠢᠯᠴᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠲᠤ ᠠᠷᠠᠳ ᠢᠷᠭᠡᠳ ᠤᠨ ᠠᠮᠤᠷ ᠲᠦᠪᠰᠢᠨ ᠤ ᠰᠦᠷᠳᠡᠭᠦᠯᠦᠯ ᠤᠨ ᠳᠠᠭᠠᠷᠢᠯᠲᠠ ᠶᠢ ᠰᠡᠷᠭᠡᠶᠢᠯᠡᠬᠦ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ ᠰᠠᠭᠤᠭᠠᠯᠢ ᠠᠷᠠᠳ ᠤᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠲᠤᠬᠠᠢ ᠲᠠᠶᠢᠯᠤᠮᠵᠢ ᠬᠢᠵᠦ᠂ ᠨᠢᠭᠤᠷᠳᠠᠨ ᠶᠠᠷᠢᠯᠴᠠᠵᠤ᠂ ᠲᠡᠳᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠲᠤᠯᠭᠠᠮ᠎ᠠ ᠬᠡᠷᠡᠭᠴᠡᠭᠡ ᠳᠤ ᠢᠳᠡᠪᠬᠢᠲᠡᠢ ᠬᠠᠷᠢᠭᠤᠯᠲᠠ ᠥᠭᠴᠦ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠪᠣᠯᠤᠨ ᠤᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠪᠠ᠃ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠵᠢᠯᠴᠠᠨ ᠲᠣᠭᠤᠷᠢᠨ ᠪᠠᠶᠢᠴᠠᠭᠠᠵᠤ ᠰᠤᠷᠪᠤᠯᠵᠢᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠬᠥᠳᠡᠯᠦᠩᠭᠦᠢ ᠪᠠᠷ ᠬᠦᠯᠢᠶᠡᠨ ᠠᠪᠴᠤ ᠤᠯᠠᠨ ᠲᠦᠮᠡᠨ ᠲᠠᠢ ᠰᠠᠨᠠᠭᠠᠴᠢᠯᠠᠭ᠎ᠠ ᠠᠴᠠ ᠪᠠᠨ ᠰᠤᠷᠪᠤᠯᠵᠢᠯᠠᠨ ᠦᠢᠯᠡᠴᠢᠯᠡᠬᠦ ᠪᠣᠯᠭᠠᠨ ᠬᠤᠪᠢᠷᠠᠭᠤᠯᠵᠤ᠂ ᠠᠷᠠᠳ ᠤᠯᠠᠨ ᠯᠤᠭ᠎ᠠ ᠶᠢᠨ ᠬᠤᠭᠤᠷᠣᠨᠳᠣᠬᠢ ᠵᠠᠢ ᠶᠢ ᠣᠶᠢᠷᠠᠲᠤᠭᠤᠯᠤᠭᠰᠠᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠪᠠ᠃    ᠳᠠᠷᠠᠭᠠᠴᠢ ᠶᠢᠨ ᠠᠯᠬᠤᠮ ᠳᠤ᠂ ᠺᠤᠸᠠᠨ ᠴᠧᠩ ᠨᠡᠶᠢᠭᠡᠮ ᠲᠣᠭᠤᠷᠢᠭ ᠤᠨ ᠬᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠪᠣᠯᠤᠨ ᠨᠡᠶᠢᠭᠡᠮ ᠲᠣᠭᠤᠷᠢᠭ ᠤᠨ ᠬᠠᠮᠵᠢᠯᠴᠠᠨ ᠬᠠᠮᠵᠢᠯᠴᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠦᠨᠳᠦ ᠶᠡᠭᠡ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠪᠰᠤᠷᠤᠨ ᠵᠢᠭᠰᠠᠭᠠᠨ ᠪᠠᠶᠢᠴᠠᠭᠠᠵᠤ ᠨᠠᠮᠳᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠭᠦᠨ᠎ᠡ᠃
 
ᠢᠷᠡᠯᠲᠡ᠄  ᠶᠢᠨ ᠬᠤᠤ ᠣᠷᠣᠨ ᠪᠦᠰᠡ ᠶᠢᠨ ᠦᠢᠯᠡᠴᠢᠯᠡᠭᠡᠨ ᠤ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号