ᠱᠠᠩᠳᠠ ᠪᠠᠯᠭᠠᠰᠤ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/7
    ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 1 ᠰᠠᠷ᠎ᠠ ᠶᠢᠨ 26 ᠤ ᠡᠳᠦᠷ᠂ ᠱᠠᠩᠳᠠ ᠪᠠᠯᠭᠠᠰᠤ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠶᠡᠭᠡ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠹᠦ᠋ ᡁᠢ ᠬᠤᠩ ᠬᠤᠷᠠᠯ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠦᠨ ᠫᠧᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠪᠠᠯᠭᠠᠰᠤᠨ ᠤ ᠤᠳᠤᠷᠢᠳᠬᠤ ᠪᠠᠭ ᠤᠨ ᠪᠦᠬᠦ ᠪᠦᠷᠢᠯᠳᠦᠬᠦᠨ᠂ ᠪᠠᠯᠭᠠᠰᠤᠨ ᠤ ᠺᠠᠳ᠋ᠷ᠂ 28 ᠲᠣᠰᠬᠤᠨ ᠤ ᠺᠠᠳ᠋ᠷ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠹᠦ᠋ ᡁᠢ ᠬᠤᠩ ᠪᠠᠯᠭᠠᠰᠤᠨ ᠤ ᠳᠠᠷᠤᠭ᠎ᠠ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠱᠠᠩᠳᠠ ᠪᠠᠯᠭᠠᠰᠤᠨ ᠤ ᠪᠣᠳᠠᠲᠠᠢ ᠪᠠᠶᠢᠳᠠᠯ ᠢ ᠦᠨᠳᠦᠰᠦᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠭᠦᠢᠴᠡᠳ ᠲᠠᠨᠢᠬᠤ ᠬᠡᠷᠡᠭᠲᠡᠢ᠃ ᠡᠯ᠎ᠡ ᠲᠣᠰᠬᠤᠨ ᠡᠷᠬᠡᠪᠰᠢ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢᠶᠠᠷ ᠬᠥᠭᠵᠢᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠦᠵᠡᠯᠲᠡ᠂ ᠲᠦᠷᠢᠮ᠂ ᠬᠠᠷᠢᠭᠤᠴᠠᠯᠭ᠎ᠠ᠂ ᠴᠢᠳᠠᠪᠤᠷᠢ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ ᠪᠠ ᠬᠥᠭᠵᠢᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠦᠨᠡᠨ ᠬᠦ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠰᠡᠷᠭᠡᠶᠢᠯᠡᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠬᠥᠮᠦᠰ ᠤᠨ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠵᠤ᠂ ᠥᠨᠥᠴᠢᠨ ᠪᠡᠯᠪᠡᠰᠦᠨ ᠨᠠᠰᠤᠲᠠᠨ᠂ ᠬᠡᠷ ᠲᠡᠭᠡᠨ ᠬᠤᠴᠣᠷᠤᠭᠰᠠᠨ ᠬᠡᠤᠬᠡᠳ ᠵᠡᠷᠭᠡ ᠪᠠᠭᠤᠷᠠᠶᠢᠴᠤᠤᠯ ᠢ ᠴᠢᠩᠭ᠎ᠠ ᠠᠩᠬᠠᠷᠴᠤ᠂ ᠬᠤᠸᠠᠷ ᠫᠤᠤᠵᠢᠩ᠂ ᠵᠠᠮ ᠬᠠᠷᠢᠯᠴᠠᠭ᠎ᠠ᠂ ᠬᠦᠷᠢᠶᠡᠨ ᠤ ᠳᠣᠲᠣᠷᠠᠬᠢ ᠲᠦᠯᠡᠭᠡᠨ ᠳᠣᠪᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠡ ᠡᠪᠦᠯ ᠢᠷᠡᠬᠦ ᠬᠠᠪᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ 24 ᠴᠠᠭ ᠤᠨ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ ᠲᠤᠰᠬᠠᠶ ᠬᠥᠮᠦᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠭᠡᠨᠡᠳᠲᠡ ᠶᠢᠨ ᠬᠡᠷᠡᠭ ᠡᠭᠦᠰᠪᠡᠯ᠂ ᠳᠠᠷᠤᠶ ᠲᠦᠷᠭᠡᠨ ᠳᠠᠭᠠᠵᠤ᠂ ᠪᠦᠲᠦᠮᠵᠢᠲᠡᠶ ᠰᠢᠢᠳᠪᠦᠷᠢᠯᠡᠵᠦ ᠳᠠᠭᠤᠰᠬᠠᠬᠤ ᠬᠡᠷᠡᠭᠲᠡᠶ᠃    ᠶᠦᠨ ᠫᠧᠩ ᠱᠦᠵᠢ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠡᠯ᠎ᠡ ᠰᠠᠯᠠᠭ᠎ᠠ ᠮᠥᠴᠢᠷ᠂ ᠡᠯ᠎ᠡ ᠲᠣᠰᠬᠤᠨ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠵᠢᠯ ᠤᠨ ᠰᠡᠭᠦᠯᠴᠢ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠪᠠᠯᠭᠠᠰᠤᠨ ᠤ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠣᠰ ᠤᠳᠠᠭᠠᠨ ᠤ ᠶᠡᠭᠡ ᠬᠤᠷᠠᠯ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠨ᠂ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠨᠡᠮᠡᠭᠳᠡᠭᠦᠯᠪᠡ᠃ ᠳᠠᠷᠠᠭᠠᠴᠢ ᠶᠢᠨ ᠠᠯᠬᠤᠮ ᠳᠤ᠂ ᠱᠠᠩᠳᠠ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠡᠮ ᠰᠣᠭᠤᠭ ᠢ ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠱᠠᠩᠳᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号