2025 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠲᠦᠮᠡᠳ ᠵᠡᠭᠦᠨ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠠᠷ ᠤᠨ ᠡᠳᠦᠷ ᠤᠨ | ᠬᠤᠭᠤᠴᠠᠭᠠᠨ ᠳᠤ ᠭᠠᠷᠴᠤ ᠮᠡᠳᠡᠬᠦ ᠬᠡᠷᠡᠭᠯᠡᠭᠡᠨ ᠤ ᠵᠢᠭᠤᠷᠠᠯᠳᠤᠭᠠᠨ ᠪᠠ ᠵᠠᠭᠠᠯᠳᠤᠵᠤ ᠢᠯᠡᠴᠢᠯᠡᠨ ᠮᠡᠳᠡᠭᠦᠯᠬᠦ ᠶᠢ | ᠢᠳᠡᠪᠬᠢᠲᠡᠶ ᠠᠷᠭᠠᠴᠠᠵᠤ᠂ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠬᠦ᠂ ᠲᠦᠷᠭᠡᠨ ᠰᠢᠢᠳᠪᠦᠷᠢᠯᠡᠬᠦ | ᠵᠠᠷᠴᠢᠮ ᠢ ᠪᠠᠷᠢᠮᠲᠠᠯᠠᠨ᠂ ᠬᠡᠷᠡᠭᠯᠡᠭᠡᠨ ᠤ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠠᠵᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ | ᠨᠢᠭᠡ ᠳᠤ᠂ ᠠᠷᠭ᠎ᠠ ᠵᠠᠮ ᠢ ᠰᠢᠯᠤᠭᠤᠳᠬᠠᠵᠤ᠂ ᠲᠦᠷᠭᠡᠨ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ | ᠵᠠᠭᠠᠯᠳᠤᠬᠤ ᠢᠯᠡᠴᠢᠯᠡᠨ ᠮᠡᠳᠡᠭᠦᠯᠬᠦ ᠲᠠᠪᠴᠠᠩ ᠢᠶᠠᠷ ᠲᠦᠰᠢᠭ ᠪᠣᠯᠭᠠᠵᠤ᠂ ᠵᠠᠭᠠᠯᠳᠤᠬᠤ ᠢᠯᠡᠴᠢᠯᠡᠨ ᠮᠡᠳᠡᠭᠦᠯᠬᠦ ᠶᠢ | ᠰᠢᠢᠳᠪᠦᠷᠢᠯᠡᠬᠦ ᠡᠯ᠎ᠡ ᠭᠤᠭᠴᠤᠭ᠎ᠠ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠴᠤᠪᠤᠷᠠᠯ ᠤᠨ | ᠵᠢᠷᠤᠮᠵᠢᠯ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠠᠭ ᠲᠤᠬᠠᠶ ᠳᠤᠨᠢ ᠭᠥᠯᠢᠶᠡᠨ ᠠᠪᠴᠤ | ᠰᠢᠢᠳᠪᠦᠷᠢᠯᠡᠬᠦ᠂ ᠴᠠᠭ ᠲᠤᠬᠠᠶ ᠳᠤᠨᠢ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠵᠦ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠰᠢᠢᠳᠪᠦᠷᠢᠯᠡᠬᠦ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠶᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠬᠦᠯᠢᠴᠡᠩᠭᠦᠶ ᠪᠠᠷ ᠡᠶᠡᠳᠡᠭᠦᠯᠵᠦ᠂ ᠰᠠᠶᠢᠲᠤᠷ ᠬᠠᠷᠢᠭᠤᠯᠲᠠ ᠥᠭᠭᠦᠨ᠎ᠡ᠃ | ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠶᠠᠪᠤᠴᠠ ᠳᠤ᠂ ᠬᠠᠯᠠᠭᠤᠮᠰᠤᠭ ᠢᠶᠠᠷ ᠬᠦᠯᠢᠴᠡᠩᠭᠦᠢ | ᠦᠢᠯᠡᠴᠢᠯᠡᠬᠦ ᠣᠪᠣᠷ ᠢ ᠢᠮᠠᠭᠲᠠ ᠪᠠᠷᠢᠮᠲᠠᠯᠠᠵᠤ᠂ ᠡᠶᠡᠳᠡᠭᠦᠯᠬᠦ ᠶᠠᠪᠤᠴᠠ ᠳᠤ ᠬᠤᠶᠠᠷ ᠲᠠᠯ᠎ᠠ ᠶᠢᠨ ᠲᠤᠬᠠᠢ ᠶᠢᠨ | ᠬᠥᠮᠥᠨ ᠤ ᠤᠷᠮ᠎ᠠ ᠰᠡᠳᠬᠢᠯᠭᠡ ᠶᠢ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠵᠦᠢ ᠵᠣᠬᠢᠰᠲᠠᠢ ᠪᠥᠭᠡᠳ | ᠬᠠᠤᠯᠢ ᠶᠣᠰᠣᠭᠠᠷ ᠰᠢᠢᠳᠪᠦᠷᠢᠯᠡᠨ᠎ᠡ᠃ ᠵᠠᠭᠠᠯᠳᠤᠭᠴᠢ ᠶᠢᠨ ᠳᠦᠷᠰᠦᠯᠡᠭᠰᠡᠨ ᠪᠠᠶᠢᠳᠠᠯ ᠢ ᠨᠠᠷᠢᠨ ᠬᠢᠨᠠᠨ ᠪᠠᠶᠢᠴᠠᠭᠠᠵᠤ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠦᠨᠡᠨ ᠪᠣᠳᠠᠲᠠᠶ ᠪᠠᠶᠢᠬᠤ ᠡᠰᠡᠬᠦ ᠶᠢ ᠬᠢᠨᠠᠨ ᠬᠠᠷᠭᠤᠭᠤᠯᠬᠤ ᠶᠢᠨ | ᠬᠠᠮᠲᠤ ᠪᠠᠶᠢᠳᠠᠯ ᠢ ᠴᠠᠭ ᠲᠤᠬᠠᠶ ᠳᠤᠨᠢ ᠲᠤᠬᠠᠶ ᠶᠢᠨ ᠬᠥᠮᠦᠨ ᠳᠤ ᠬᠠᠷᠢᠭᠤ ᠲᠤᠰᠬᠠᠵᠤ᠂ ᠪᠦᠬᠦ ᠶᠠᠪᠤᠴᠠ ᠨᠢ ᠲᠥᠪ | ᠭᠤᠣᠯᠴᠢ ᠢᠯᠡ ᠲᠣᠳᠣ ᠪᠠᠶᠢᠬᠤ ᠬᠡᠷᠡᠭᠲᠡᠶ᠃ ᠭᠤᠷᠪᠠ ᠳᠤ᠂ ᠴᠠᠭ ᠬᠢᠵᠠᠭᠠᠷᠯᠠᠨ ᠭᠦᠢᠴᠡᠳᠬᠡᠵᠦ᠂ ᠴᠠᠭ | ᠲᠤᠬᠠᠢ ᠳᠤ ᠨᠢ ᠬᠠᠷᠢᠭᠤ ᠲᠤᠰᠬᠠᠨ᠎ᠠ᠃ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠮᠡᠳᠡᠭᠦᠯᠦᠭᠰᠡᠨ | ᠬᠥᠮᠦᠨ ᠳᠤ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠴᠠᠭ ᠲᠤᠬᠠᠶ ᠳᠤᠨᠢ ᠮᠡᠳᠡᠭᠳᠡᠵᠦ᠂ ᠬᠠᠷᠢᠭᠤᠯᠲᠠ ᠨᠢ | ᠲᠣᠳᠣᠷᠬᠠᠶ᠂ ᠦᠢᠯᠡᠴᠢᠯᠡᠬᠦ ᠣᠪᠣᠷ ᠨᠢ ᠬᠠᠯᠠᠭᠤᠮᠰᠤᠭ᠃ ᠢᠯᠡᠴᠢᠯᠡᠨ ᠮᠡᠳᠡᠭᠦᠯᠦᠭᠴᠢ ᠲᠠᠢ ᠨᠡᠪᠲᠡᠷᠡᠯᠴᠡᠨ | ᠵᠣᠬᠢᠴᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ᠣᠯᠠᠨ ᠲᠦᠮᠡᠨ ᠤ | ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠬᠡᠷᠡᠭᠯᠡᠭᠴᠢᠳ ᠤᠨ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ | ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠬᠢᠨᠠᠯᠲᠠ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ | ᠰᠢᠢᠳᠪᠦᠷᠢᠯᠡᠬᠦ ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠤᠨ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ | ᠪᠣᠯᠭᠠᠵᠤ᠂ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ ᠭᠡᠪᠡ᠃ |