ᠳᠤᠮᠲᠠᠲᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠬᠦᠨ ᠬᠤᠰᠢᠭᠤᠨ ᠤ ᠬᠤᠷᠢᠶ᠎ᠠ ᠶᠢᠨ ᠬᠤᠷᠢᠶᠠᠨ ᠤ ᠪᠠᠶᠢᠩᠭᠤ ᠶᠢᠨ ᠬᠤᠷᠢᠶᠠᠨ ᠤ 149 ᠳ᠋ᠤᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/7
    2 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 149 ᠳ᠋ᠤᠭᠡᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠶ ᠶᠢᠩ ᠬᠤᠷᠠᠯ ᠡᠷᠭᠢᠯᠡᠪᠡ᠃ ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 161 ᠳ᠋ᠤᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 170 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠮᠠᠨ ᠤ ᠬᠤᠰᠢᠭᠤᠨ ᠤ ᠥᠷᠢ ᠥᠭᠴᠡᠭᠡ ᠶᠢ ᠠᠷᠢᠯᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠠᠯᠠᠪᠤᠷ ᠂ ᠭᠤᠣᠯᠳᠠᠯᠭ᠎ᠠ ᠲᠠᠢ ᠬᠦᠷᠢᠶ᠎ᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ᠃ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠢ ᠶᠢᠨ ᠭᠦᠢᠴᠡᠳᠬᠡᠯ ᠲᠤᠭ᠎ᠠ᠂ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠲᠤᠬᠢᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠲᠦᠷᠦᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠦᠯᠡᠳᠡᠭᠳᠡᠯ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠡᠯ᠎ᠡ ᠬᠤᠰᠢᠭᠤᠨ ᠱᠠᠲᠤᠨ ᠤ ᠤᠳᠤᠷᠢᠳᠤᠯᠭ᠎ᠠ᠂ ᠡᠯ᠎ᠡ ᠨᠢᠭᠡᠴᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠶᠤᠯ ᠲᠦᠭᠰᠢᠭᠦᠷᠢ ᠶᠢᠨ ᠴᠡᠭ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠠᠵᠢᠯ ᠢ ᠰᠠᠶᠢᠲᠤᠷ ᠲᠥᠯᠥᠪᠵᠢᠭᠦᠯᠵᠦ᠂ ᠡᠭᠦᠷᠭᠡᠯᠡᠵᠦ ᠪᠠᠶᠢᠭ᠎ᠠ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠡᠮᠬᠢᠯᠡᠵᠦ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠪᠠᠶᠢᠳᠠᠯ ᠢ ᠲᠣᠳᠣᠷᠬᠠᠶ ᠣᠶᠢᠯᠠᠭᠠᠵᠤ᠂ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ︽ᠵᠢᠷᠭᠤᠭᠠᠨ ᠠᠵᠢᠯᠯᠠᠭ᠎ᠠ︾ ︵ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︶ ᠪᠠᠷ ᠬᠥᠲᠥᠯᠦᠮᠵᠢ ᠪᠣᠯᠭᠠᠨ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠵᠦ᠂ ᠡᠯ᠎ᠡ ᠲᠠᠯ᠎ᠠ ᠶᠢᠨ ᠠᠵᠢᠯ ᠤᠨ ᠢᠳᠡᠪᠬᠢᠵᠢᠯ ᠢ ᠭᠦᠢᠴᠡᠳ ᠲᠠᠶᠢᠴᠢᠯᠠᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠵᠢᠶᠠ ᠶᠢᠨ ᠹᠧᠩ᠂ ᠴᠧᠨ ᠰᠢ ᠯᠧ ᠵᠢᠴᠢ ᠬᠠᠮᠢᠶ᠎ᠠ ᠪᠦᠬᠦᠢ ᠬᠤᠰᠢᠭᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号