ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠠᠬᠢᠴᠠ ᠶᠢ | ᠲᠦᠷᠭᠡᠳᠬᠡᠨ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 6 ᠤ ᠡᠳᠦᠷ᠂ ᠬᠤᠶᠢᠲᠤ ᠰᠢᠷ᠎ᠠ ᠵᠣ ᠰᠢᠶᠠᠩ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ | ᠬᠤᠷᠠᠯᠳᠤᠭᠤᠯᠪᠠ᠃ ᠰᠢᠶᠠᠩ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠰᠢᠶᠠᠩ ᠤᠨ ᠳᠠᠷᠤᠭ᠎ᠠ ᠵᠤᠤ ᠨᠠᠨ | ᠬᠤᠷᠠᠯ ᠢ ᠡᠷᠬᠢᠯᠡᠵᠦ᠂ ᠰᠢᠶᠠᠩ ᠤᠨ ᠨᠠᠮ ᠤᠨ ᠬᠤᠷᠢᠶᠠᠨ ᠤ ᠱᠦᠵᠢ ᠵᠠᠩ ᠬᠤᠩ ᠸᠧᠢ ᠬᠤᠷᠠᠯ ᠳᠤ ᠣᠷᠣᠯᠴᠠᠵᠤ᠂ | ᠬᠤᠶᠠᠷ ᠠᠵᠤ ᠠᠬᠤᠶᠢᠯᠠᠯ ᠤᠨ ᠲᠦᠷᠦᠯ ᠵᠦᠢᠯ ᠤᠨ ᠲᠥᠯᠥᠭᠡᠯᠡᠭᠴᠢ᠂ ᠬᠠᠮᠢᠶ᠎ᠠ ᠪᠦᠬᠦᠢ ᠡᠭᠦᠷᠭᠡ ᠴᠢᠳᠠᠪᠬᠢᠳᠦ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤᠪᠠᠷ ᠬᠤᠷᠠᠯ ᠳᠤ ᠣᠷᠣᠯᠴᠠᠵᠤ᠂ 2024 ᠣᠨ ᠳᠤ ᠣᠷᠣᠭᠤᠯᠤᠨ | ᠠᠪᠴᠢᠷᠠᠭᠰᠠᠨ ᠥᠪᠥᠷ ᠮᠣᠩᠭᠤᠯ ᠤᠨ ᠨᠦᠩ ᠳ᠋ᠠ ᠰᠢᠨ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢᠨ | ᠬᠢᠵᠠᠭᠠᠷᠲᠤ ᠺᠣᠮᠫᠠᠨᠢ ᠶᠢᠨ ︽ᠤᠮᠠᠷᠠᠲᠤ ᠶᠢᠨ ᠤᠰᠤ ᠠᠷᠪᠢᠯᠠᠬᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ | ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠲᠦᠷᠦᠯ ᠵᠦᠢᠯ ᠵᠢᠴᠢ ᠥᠪᠥᠷ ᠮᠣᠩᠭᠤᠯ ᠤᠨ ᠴᠢᠶᠠᠨ ᠴᠤᠸᠠᠨ | ᠰᠣᠶᠣᠯ ᠵᠤᠭᠠᠴᠠᠯ ᠤᠨ ᠬᠢᠵᠠᠭᠠᠷᠲᠤ ᠺᠣᠮᠫᠠᠨᠢ ᠶᠢᠨ ︽ᠬᠥᠬᠡᠬᠤᠲᠠ ᠶᠢᠨ ᠰᠦ᠋ ᠵᠤᠸᠠᠩ ᠲᠣᠰᠬᠤᠨ ᠤ ᠪᠢᠴᠢᠯ | ᠠᠮᠠᠷᠠᠯᠲᠠ ᠶᠢᠨ ᠪᠠᠶᠢᠭᠠᠯᠢ ᠶᠢᠨ ᠲᠠᠷᠢᠶᠠᠯᠠᠩ ᠤᠨ ᠲᠠᠯᠠᠪᠠᠢ ᠶᠢᠨ ᠲᠦᠷᠦᠯ ᠵᠦᠢᠯ︾ ᠢ ᠪᠦᠲᠦᠭᠡᠨ ᠪᠠᠶᠢᠭᠤᠯᠵᠤ | ᠨᠠᠶᠢᠳᠠᠪᠤᠷᠢᠵᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ | ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠪᠤᠢ ᠪᠣᠯᠭᠠᠪᠠ᠃ | ᠬᠤᠷᠠᠯ ᠳᠡᠭᠡᠷ᠎ᠡ᠂ ᠠᠵᠤ ᠠᠬᠤᠶᠢᠯᠠᠯ ᠤᠨ ᠲᠥᠷᠥᠯ ᠵᠦᠢᠯ ᠤᠨ ᠲᠥᠯᠥᠭᠡᠯᠡᠭᠴᠢ ᠲᠥᠷᠥᠯ ᠵᠦᠢᠯ ᠢ ᠠᠬᠢᠭᠤᠯᠬᠤ | ᠶᠠᠪᠤᠴᠠ ᠳᠤ ᠲᠤᠯᠭᠠᠷᠠᠭᠰᠠᠨ ᠭᠠᠵᠠᠷ ᠰᠢᠷᠣᠶ ᠶᠢ ᠬᠢᠨᠠᠨ ᠵᠥᠪᠰᠢᠶᠡᠷᠡᠬᠦ᠂ ᠢᠵᠢ ᠪᠥᠷᠢᠳᠦᠭᠦᠯᠬᠦ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠵᠡᠷᠭᠡ ᠠᠯᠢ ᠣᠯᠠᠨ ᠠᠰᠠᠭᠤᠳᠠᠯ ᠢ ᠲᠣᠰ ᠲᠣᠰ ᠨᠠᠷᠢᠨ ᠲᠣᠳᠣᠷᠬᠠᠶ ᠥᠭᠦᠯᠡᠵᠦ᠂ ᠡᠯ᠎ᠡ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠠᠩᠬᠠᠷᠴᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ᠂ ᠠᠵᠤ ᠠᠬᠤᠶᠢᠯᠠᠯ ᠤᠨ | ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ | ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ | ᠵᠠᠩ ᠬᠤᠩ ᠸᠧᠶ ᠱᠦᠵᠢ ᠴᠢᠬᠤᠯᠠᠴᠢᠯᠠᠭᠰᠠᠨ ᠨᠢ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ | ᠵᠦᠢᠯ ᠪᠣᠯ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠥᠳᠡᠯᠭᠡᠬᠦ | ᠬᠦᠴᠦᠨ ᠮᠥᠨ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠮᠵᠢᠯᠴᠠᠭ᠎ᠠ ᠪᠠᠨ ᠴᠢᠩᠭᠠᠳᠬᠠᠨ᠂ | ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠪᠥᠬᠦ ᠲᠠᠯ᠎ᠠ ᠶᠢᠨ᠂ ᠨᠠᠷᠢᠯᠢᠬᠵᠢᠭᠤᠯᠤᠭᠰᠠᠨ | ᠦᠢᠯᠡᠴᠢᠯᠡᠭᠡ ᠬᠠᠩᠭᠠᠬᠤ ᠬᠡᠷᠡᠭᠲᠡᠶ᠃ ᠬᠤᠶᠠᠷ ᠲᠤ᠂ ᠬᠦᠴᠦ ᠪᠠᠨ ᠬᠠᠮᠲᠤᠳᠬᠠᠨ ᠬᠠᠮᠲᠤᠷᠠᠯᠴᠠᠬᠤ ᠪᠠᠨ | ᠴᠢᠩᠭᠠᠳᠬᠠᠵᠤ᠂ ︽ᠠᠵᠤ ᠠᠬᠤᠶᠢᠯᠠᠯ ᠳᠤ ᠦᠢᠯᠡᠴᠢᠯᠡᠬᠦ᠂ ᠬᠥᠭᠵᠢᠯᠲᠡ ᠳᠤ ᠦᠢᠯᠡᠴᠢᠯᠡᠬᠦ︾ ᠣᠶᠢᠯᠠᠭᠠᠭᠳᠠᠬᠤᠨ ᠢ | ᠪᠠᠷᠢᠮᠲᠠᠯᠠᠵᠤ᠂ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠰᠢᠯᠢᠳᠡᠭ ᠦᠢᠯᠡᠴᠢᠯᠡᠭᠡ ᠪᠠᠷ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ | ᠶᠠᠪᠤᠳᠠᠯ ᠭᠦᠢᠴᠡᠳᠭᠡᠬᠦ ᠶᠠᠪᠤᠴᠠ ᠶᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠬᠡᠨ᠂ | ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠬᠦ ᠬᠡᠷᠡᠭᠲᠡᠶ᠃ | ᠲᠣᠰ ᠤᠳᠠᠭᠠᠨ ᠤ ᠠᠬᠢᠭᠤᠯᠬᠤ ᠬᠤᠷᠠᠯ ᠢᠯᠡᠳᠲᠡ ᠦᠷ᠎ᠡ ᠪᠦᠲᠦᠮᠵᠢ ᠣᠯᠵᠤ᠂ ᠲᠥᠷᠥᠯ ᠵᠦᠢᠯ ᠢ | ᠠᠬᠢᠭᠤᠯᠬᠤ ᠳᠤᠮᠳᠠᠬᠢ ᠪᠣᠳᠠᠲᠠᠶ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠠᠰᠠᠭ ᠠᠵᠤ | ᠠᠬᠤᠶᠢᠯᠠᠯ ᠤᠨ ᠨᠡᠪᠲᠡᠷᠡᠯᠴᠡᠭᠡ ᠶᠢ ᠴᠢᠩᠭᠠᠳᠬᠠᠪᠠ᠃ ᠳᠠᠷᠠᠭᠠᠴᠢ ᠶᠢᠨ ᠠᠯᠬᠤᠮ ᠳᠤ᠂ ᠬᠤᠶᠢᠲᠤ ᠰᠢᠷ᠎ᠠ ᠵᠣ ᠰᠢᠶᠠᠩ | ᠠᠵᠤ ᠠᠬᠤᠶᠢᠯᠠᠯ ᠢ ᠳᠡᠮᠵᠢᠬᠦ ᠪᠠ ᠦᠢᠯᠡᠴᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠰᠠᠭ ᠠᠵᠤ | ᠠᠬᠤᠶᠢᠯᠠᠯ ᠤᠨ ᠨᠡᠩ ᠲᠡᠭᠦᠯᠳᠡᠷᠵᠢᠭᠰᠡᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ | ᠬᠡᠷᠡᠭᠴᠡᠭᠡ ᠶᠢ ᠴᠠᠭ ᠲᠤᠬᠠᠶ ᠳᠤᠨᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠪᠣᠳᠠᠲᠠᠶ | ᠬᠦᠴᠢᠷᠳᠡᠯ ᠢ ᠰᠢᠢᠳᠪᠦᠷᠢᠯᠡᠵᠦ᠂ ᠬᠤᠶᠢᠲᠤ ᠰᠢᠷ᠎ᠠ ᠵᠣ ᠰᠢᠶᠠᠩ ᠤᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ | ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ᠃ |