ᠲᠦᠮᠡᠳ ᠵᠡᠭᠦᠨ ᠬᠤᠰᠢᠭᠤ᠄ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠵᠦ ᠡᠮᠡᠭᠲᠡᠶᠢᠴᠦᠳ ᠤᠨ ᠠᠮᠢᠳᠤᠯᠢᠭ ᠢᠶᠠᠷ ᠠᠵᠢᠯ ᠣᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2025/3/12
   ᠡᠨᠡ ᠵᠢᠯ ᠠᠴᠠ ᠨᠠᠰᠢ᠂ ᠲᠦᠮᠡᠳ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠵᠦ᠂ ᠨᠠᠩ ᠣᠯᠠᠨ ᠡᠮᠡᠭᠲᠡᠶᠢᠴᠦᠳ ᠲᠤ ᠨᠢᠭᠡ  ᠵᠦᠢᠯ ᠤᠨ ᠮᠡᠷᠭᠡᠵᠢᠯ ᠢ ᠪᠣᠯᠪᠠᠰᠤᠷᠠᠩᠭᠤᠶ ᠡᠵᠡᠮᠰᠢᠭᠦᠯᠵᠦ᠂ ᠠᠮᠢᠳᠤᠯᠢᠭ ᠢᠶᠠᠷ ᠠᠵᠢᠯ ᠣᠯᠵᠤ᠂ ᠣᠷᠣᠯᠭ᠎ᠠ ᠶᠢ ᠨᠡᠮᠡᠭᠳᠡᠭᠦᠯᠦᠨ᠂ ᠨᠠᠩ ᠣᠯᠠᠨ ᠡᠮᠡᠭᠲᠡᠶᠢᠴᠦᠳ ᠢ ᠳᠠᠶᠢᠴᠢᠯᠠᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠢ ᠪᠣᠶ ᠪᠣᠯᠭᠠᠪᠠ᠃    ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠠᠴᠠ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠰᠢᠯᠢᠳᠡᠭ ᠡᠮᠡᠭᠲᠡᠶᠢᠴᠦᠳ ᠤᠨ ᠲᠥᠯᠥᠭᠡᠯᠡᠭᠴᠢ ᠪᠠ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠺᠠᠳ᠋ᠷ ᠢ ᠤᠷᠢᠵᠤ ᠠᠮᠢᠳᠤᠯᠢᠭ ᠠᠵᠢᠯ ᠣᠯᠭᠤᠯᠲᠠ ᠶᠢᠨ ᠲᠥᠷᠥᠯ ᠵᠦᠢᠯ ᠢ ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠭᠠᠷ ᠤᠷᠠᠯᠠᠯ ᠤᠨ ᠵᠠᠰᠠᠯ ᠴᠢᠮᠡᠭᠯᠡᠯ ᠤᠨ ᠡᠳ᠋ ᠢ ᠰᠤᠷᠤᠯᠴᠠᠭᠤᠯᠪᠠ᠃    ᠰᠢᠶᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠪᠣᠯᠤᠭᠰᠠᠨ ᠤ ᠬᠤᠪᠢ ᠳᠤ᠂ ᠵᠠᠯᠭᠠᠭᠠᠳ ᠡᠯ᠎ᠡ ᠲᠥᠷᠥᠯ ᠤᠨ ᠡᠮᠡᠭᠲᠡᠶᠢᠴᠦᠳ ᠤᠨ ᠠᠮᠢᠳᠤᠯᠢᠭ ᠢᠶᠠᠷ ᠠᠵᠢᠯ ᠣᠯᠬᠤ ᠳᠤ ᠲᠣᠬᠢᠷᠠᠬᠤ ᠬᠡᠯᠪᠡᠷᠢ ᠶᠢ ᠡᠮᠡᠭᠲᠡᠶᠢᠴᠦᠳ ᠣᠯᠠᠨ ᠲᠦᠮᠡᠨ ᠤ ᠳᠡᠷᠭᠡᠳᠡ ᠳᠠᠮᠵᠢᠭᠤᠯᠬᠤ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠶᠢᠨ  ᠡᠮᠡᠭᠲᠡᠶᠢᠴᠦᠳ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠪᠠᠷ ᠠᠵᠢᠯ ᠣᠯᠭᠤᠬᠤ ᠪᠣᠯᠪᠠᠰᠤᠷᠠᠭᠤᠯᠤᠯ ᠢ ᠥᠷᠨᠢᠭᠦᠯᠵᠦ᠂ ᠨᠠᠩ ᠣᠯᠠᠨ ᠬᠡᠷᠡᠭᠴᠡᠭᠡ ᠪᠥᠬᠦᠶ ᠡᠮᠡᠭᠲᠡᠶᠢᠴᠦᠳ ᠲᠤ ᠡᠯ᠎ᠡ ᠲᠥᠷᠥᠯ ᠤᠨ ᠠᠵᠢᠯ ᠣᠯᠭᠤᠯᠲᠠ ᠶᠢᠨ ᠵᠢᠯᠣᠭᠤᠳᠣᠯᠭ᠎ᠠ ᠬᠠᠩᠭᠠᠵᠤ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ ᠶᠢ ᠳᠠᠶᠢᠴᠢᠯᠠᠨ᠂ ᠡᠮᠡᠭᠲᠡᠶᠢᠴᠦᠳ ᠤᠨ ᠬᠡᠷ ᠲᠡᠭᠡᠨ ᠰᠠᠭᠤᠵᠤ ᠠᠮᠢᠳᠤᠯᠢᠭ ᠢᠶᠠᠷ ᠠᠵᠢᠯ ᠤᠯᠬᠤ ᠳᠤ ᠦᠢᠯᠡᠴᠢᠯᠡᠨ᠎ᠡ ᠃
C:\Users\bch\Desktop\3.17\3.12  图文  土左旗:积极开展技能图.jpg
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号