3 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠬᠤᠲᠠ ᠶᠢᠨ ᠲᠠᠰ ᠤᠨ ᠪᠣᠯᠪᠠᠰᠤᠨ ᠨᠢᠭᠡᠴᠡ ᠶᠢᠨ ᠲᠦᠮᠡᠳ ᠵᠡᠭᠦᠨ ᠬᠤᠰᠢᠭᠤᠨ ᠤ ᠬᠥᠳᠡᠭᠡ ᠲᠣᠰᠬᠤᠨ ᠤ | ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠲᠠᠢ ᠬᠠᠮᠲᠤᠷᠠᠨ ᠴᠡᠯᠡᠭᠡᠷ ᠲᠠᠯ᠎ᠠ ᠶᠢᠨ ᠲᠥᠪ ᠰᠤᠷᠭᠠᠭᠤᠯᠢ ᠳᠤ ︽ | ᠬᠦᠴᠦᠨ ᠴᠢᠳᠠᠯ ᠢ ᠨᠢᠭᠲᠠᠷᠠᠭᠤᠯᠵᠤ ᠢᠲᠡᠭᠡᠮᠵᠢ ᠶᠢ ᠨᠢᠭᠡᠳᠬᠡᠨ ᠰᠤᠷᠤᠯᠭ᠎ᠠ ᠶᠢ ᠲᠡᠳᠬᠦᠵᠦ ᠬᠦᠰᠡᠯ ᠵᠡᠭᠦᠳᠦ ᠪᠠᠨ | ᠲᠡᠷᠭᠡᠯᠰᠢᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠪᠡᠯᠡᠭᠯᠡᠨ ᠬᠦᠷᠭᠡᠬᠦ ᠠᠵᠢᠯᠯᠠᠭ᠎ᠠ ᠥᠷᠨᠢᠭᠦᠯᠪᠡ᠃ | ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠲᠦᠮᠡᠳ ᠵᠡᠭᠦᠨ ᠬᠤᠰᠢᠭᠤᠨ ᠤ ᠬᠥᠳᠡᠭᠡ ᠲᠣᠰᠬᠤᠨ ᠤ | ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ᠴᠡᠯᠡᠭᠡᠷ ᠲᠠᠯ᠎ᠠ ᠶᠢᠨ ᠲᠥᠪ ᠰᠤᠷᠭᠠᠭᠤᠯᠢ ᠳᠤ 6000 ᠭᠠᠷᠤᠶ | ᠲᠥᠭᠦᠷᠢᠭ ᠤᠨ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ ᠤᠨ ᠡᠳ᠋ ᠪᠣᠳᠠᠰ ᠬᠠᠨᠳᠢᠪᠯᠠᠪᠠ᠃ ᠬᠠᠶᠢᠷ᠎ᠠ | ᠬᠠᠯᠠᠮᠵᠢ ᠶᠢᠨ ᠨᠢᠭᠡᠴᠡ ᠶᠢᠨ ᠲᠥᠯᠥᠭᠡᠯᠡᠭᠴᠢ᠂ ᠲᠣᠰ ᠤᠳᠠᠭᠠᠨ ᠤ ᠬᠠᠨᠳᠢᠪᠯᠠᠨ ᠬᠦᠷᠭᠡᠬᠦ ᠠᠵᠢᠯᠯᠠᠭ᠎ᠠ ᠪᠠᠷ | ᠳᠠᠮᠵᠢᠭᠤᠯᠤᠨ᠂ ᠬᠡᠦᠬᠡᠳ ᠤᠳ ᠲᠤ ᠨᠡᠶᠢᠭᠡᠮ ᠤᠨ ᠬᠠᠯᠠᠭᠤᠨ ᠳᠤᠯᠠᠭᠠᠨ ᠢ ᠪᠡᠶ᠎ᠡ ᠪᠠᠷ ᠢᠶᠠᠨ ᠬᠦᠷᠲᠡᠭᠡᠵᠦ᠂ ᠲᠡᠳᠡᠨ ᠢ | ᠵᠣᠷᠢᠭᠵᠢᠭᠤᠯᠤᠨ ᠠᠯᠤᠰ ᠬᠡᠲᠦ ᠶᠢᠨ ᠬᠦᠰᠡᠯᠡᠩ ᠲᠠᠢ ᠪᠣᠯᠭᠠᠵᠤ᠂ ᠪᠠᠲᠤ ᠴᠢᠩᠭ᠎ᠠ ᠵᠠᠩ ᠴᠢᠨᠠᠷ ᠢ ᠳᠠᠪᠲᠠᠨ | ᠪᠣᠯᠪᠠᠰᠤᠷᠠᠭᠤᠯᠵᠤ᠂ ᠨᠤᠲᠤᠭ ᠤᠰᠤ ᠪᠠᠨ ᠪᠥᠲᠥᠭᠡᠨ ᠪᠠᠶᠢᠭᠤᠯᠬᠤ᠂ ᠨᠡᠶᠢᠭᠡᠮ ᠳᠤ ᠦᠢᠯᠡᠴᠢᠯᠡᠬᠦ ᠲᠤᠯᠭᠠᠭᠤᠷᠢ | ᠬᠦᠴᠦᠨ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠨᠢ ᠰᠤᠷᠤᠭᠴᠢᠳ ᠤᠨ ᠬᠦᠴᠢᠷᠳᠡᠯᠲᠡᠶ ᠬᠠᠮᠲᠤᠯᠢᠭ ᠢ ᠦᠷᠭᠦᠯᠵᠢᠯᠡᠨ ᠠᠩᠬᠠᠷᠴᠤ᠂ ᠡᠯ᠎ᠡ ᠲᠠᠯ᠎ᠠ ᠶᠢᠨ ᠡᠬᠢ | ᠪᠠᠶᠠᠯᠢᠭ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠨᠠᠩ ᠣᠯᠠᠨ ᠬᠡᠯᠪᠡᠷᠢ ᠶᠢᠨ ᠬᠠᠪᠰᠤᠷᠤᠨ ᠲᠡᠳᠬᠦᠬᠦ ᠠᠵᠢᠯᠯᠠᠭ᠎ᠠ | ᠥᠷᠨᠢᠭᠦᠯᠵᠦ᠂ ᠬᠠᠯᠠᠭᠤᠨ ᠳᠤᠯᠠᠭᠠᠨ ᠡᠶ᠎ᠡ ᠵᠣᠬᠢᠴᠠᠩᠭᠤᠶ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠶᠢᠷᠠᠯᠠᠬᠤ | ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠪᠥᠬᠦ ᠬᠤᠰᠢᠭᠤᠨ ᠤ ᠨᠠᠰᠤᠨ ᠳᠤ ᠥᠯᠥ | ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠳᠤ ᠨᠠᠩ ᠶᠡᠭᠡ ᠰᠢᠨ᠎ᠡ | ᠬᠤᠪᠢ ᠨᠡᠮᠡᠷᠢ ᠦᠵᠡᠭᠦᠯᠦᠨ᠎ᠡ᠃ | |