ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ | ᠰᠢᠶᠠᠩ ᠪᠠᠯᠭᠠᠰᠤ᠂ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠬᠤᠰᠢᠭᠤᠨ ᠤ ᠡᠯ᠎ᠡ ᠬᠡᠯᠲᠡᠰ ᠵᠥᠪᠯᠡᠯ ᠠᠯᠪᠠᠨ | ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠠᠵᠢᠯᠲᠠᠨ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠰᠢᠭᠤᠨ ᠤ | ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠬᠤᠷᠠᠯ ᠢᠶᠠᠷ ᠰᠤᠳᠤᠯᠤᠭᠠᠳ᠂ ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ ᠶᠢᠨ ᠠᠵᠢᠯ ᠤᠨ | ᠬᠤᠪᠢᠶᠠᠷᠢᠯᠠᠯ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠡ᠄ | ᠯᠢ ᠷᠦᠢ ᠾᠧᠩ ︵ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ︶᠄ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠤᠳᠤᠬᠤ ᠠᠵᠢᠯ ᠢ | ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠬᠢᠨᠠᠨ ᠪᠤᠳᠤᠬᠤ ᠲᠣᠪᠴᠢᠶ᠎ᠠ᠃ | ᠵᠣᠣ ᠬᠤᠩ ᠰᠢᠩ ︵ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠪᠠᠶᠢᠩᠭᠤ ᠶᠢᠨ ᠬᠤᠷᠢᠶᠠᠨ ᠤ ᠳᠡᠳ᠋ ᠬᠤᠰᠢᠭᠤᠨ | ᠳᠠᠷᠤᠭ᠎ᠠ᠂ ᠪᠢᠴᠢᠭᠡᠴᠢ ᠬᠤᠰᠢᠭᠤᠨ ᠤ ᠨᠠᠮ ᠤᠨ ᠬᠤᠷᠢᠶᠠᠨ ᠤ ᠱᠦᠵᠢ | ᠠᠵᠢᠯ ᠤᠨ ᠬᠤᠪᠢᠶᠠᠷᠢᠯᠠᠯ᠄ ᠬᠤᠰᠢᠭᠤᠨ ᠳᠠᠷᠤᠭ᠎ᠠ ᠶᠢ ᠬᠠᠮᠵᠢᠨ ᠠᠮᠢ ᠠᠬᠤᠶ ᠶᠢᠨ ᠣᠷᠴᠢᠨ ᠲᠣᠭᠤᠷᠢᠨ᠂ | ᠪᠠᠶᠢᠭᠠᠯᠢ ᠶᠢᠨ ᠡᠬᠢ ᠪᠠᠶᠠᠯᠢᠭ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ᠂ ᠠᠮᠢ ᠠᠬᠤᠶ ᠶᠢᠨ ᠪᠣᠯᠪᠠᠰᠤᠨ | ᠬᠤᠲᠠ ᠪᠠᠯᠭᠠᠰᠤ ᠶᠢ ᠡᠭᠦᠳᠦᠨ ᠪᠠᠶᠢᠭᠤᠯᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ | ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠤᠤᠯ ᠤᠨ ᠰᠢᠷ᠎ᠠ ᠠᠶᠢᠯ ᠤᠨ ᠨᠡᠭᠦᠷᠡᠰᠦᠨ ᠤ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠬᠤ ᠵᠡᠷᠭᠡ ᠲᠠᠯ᠎ᠠ ᠶᠢᠨ ᠠᠵᠢᠯ ᠢ | ᠬᠠᠷᠢᠭᠤᠴᠠᠵᠤ᠂ ᠼᠦᠢ ᠵᠢᠶᠧ ᠳᠡᠳ᠋ ᠬᠤᠰᠢᠭᠤᠨ ᠳᠠᠷᠤᠭ᠎ᠠ ᠶᠢ ᠬᠠᠮᠵᠢᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠴᠧᠩ ᠹᠠ ᠪᠠᠯᠠ ᠣᠷᠣᠭᠤᠯᠵᠤ ᠡᠵᠡᠩᠨᠡᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠴᠡᠯᠡᠭᠡᠷ ᠲᠠᠯ᠎ᠠ ᠠᠵᠤ ᠦᠢᠯᠡᠰ ᠤᠨ ᠬᠥᠭᠵᠢᠯᠲᠡ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ᠃ | ᠬᠠᠷᠢᠯᠴᠠᠬᠤ ᠨᠢ᠄ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠭᠠᠵᠠᠷ ᠰᠢᠨᠵᠢᠯᠡᠭᠡᠨ ᠤ ᠬᠠᠶᠢᠨ ᠬᠡᠮᠵᠢᠯᠲᠡ ᠶᠢᠨ ᠨᠢᠭᠡᠳᠦᠭᠡᠷ | ᠬᠦᠷᠢᠶᠡᠯᠡᠩ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠺᠣᠮᠫᠠᠨᠢ᠂ ᠡᠯ᠎ᠡ | ᠢᠯᠴᠢ ᠬᠠᠩᠭᠠᠬᠤ ᠠᠵᠤ ᠠᠬᠤᠶᠢᠯᠠᠯ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠶᠤᠸᠠᠨ ᠮᠧᠶ ︵ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠰᠢᠶᠠᠯ ᠡᠭᠦᠷᠭᠡᠯᠡᠭᠰᠡᠨ | ᠳᠡᠳ᠋ ᠬᠤᠰᠢᠭᠤᠨ ᠳᠠᠷᠤᠭ᠎ᠠ ᠪᠠᠷ ᠨᠡᠷ᠎ᠡ ᠳᠤᠷᠠᠳᠤᠭᠰᠠᠨ︶᠄ ᠵᠣᠣ ᠬᠤᠩ ᠰᠢᠩ ᠳᠡᠳ᠋ ᠬᠤᠰᠢᠭᠤᠨ ᠳᠠᠷᠤᠭ᠎ᠠ ᠶᠢ | ᠬᠠᠮᠵᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠯ᠎ᠡ | ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠼᠦᠢ ᠵᠢᠶᠧ ︵ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ︶ | ᠄ ᠬᠤᠰᠢᠭᠤᠨ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠶ᠂ ᠶᠡᠷᠦᠩᠬᠡᠶ ᠬᠡᠯᠲᠡᠰ ᠤᠨ ᠠᠵᠤ ᠠᠬᠤᠶ᠂ | ᠬᠥᠭᠵᠢᠭᠦᠯᠦᠯᠲᠡ ᠥᠭᠡᠷᠡᠴᠢᠯᠡᠯᠲᠡ᠂ ᠠᠮᠤ ᠪᠤᠳᠠᠭ᠎ᠠ᠂ ᠡᠨᠧᠷᠭᠢ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ᠂ ᠡᠳ᠋ ᠤᠨ ᠵᠠᠰᠠᠭ ᠭᠠᠶᠢᠯᠢ ᠲᠠᠲᠠᠪᠤᠷᠢ᠂ ᠤᠯᠤᠰ ᠤᠨ ᠥᠮᠴᠢᠯᠡᠯᠲᠦ ᠡᠳ᠋ ᠬᠥᠷᠥᠩᠭᠡ᠂ | ᠮᠥᠩᠭᠦᠨ ᠭᠦᠢᠯᠭᠡᠭᠡ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠰᠤᠷᠭᠠᠨ ᠬᠥᠮᠦᠵᠢᠯ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠥᠨ ᠠᠵᠢᠯᠴᠢᠨ ᠤ ᠴᠠᠯᠢᠩ ᠤᠨ ᠥᠷᠢ ᠰᠢᠷᠢ ᠶᠢ | ᠢᠯᠭᠠᠷᠠᠭᠤᠯᠬᠤ᠂ ᠤᠰᠤᠨ ᠤ ᠶᠠᠪᠤᠳᠠᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠪᠠᠯᠠ | ᠣᠷᠣᠭᠤᠯᠤᠯᠲᠠ ᠶᠢ ᠠᠬᠢᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠠᠶᠢᠭᠤᠯᠭ᠎ᠠ ᠶᠢᠨ ᠶᠠᠪᠤᠳᠠᠯ ᠵᠡᠷᠭᠡ | ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠠᠯ᠎ᠠ ᠶᠢᠨ ᠠᠵᠢᠯ ᠢ | ᠬᠤᠪᠢᠳᠠᠨ ᠬᠠᠮᠢᠶᠠᠷᠴᠤ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠠᠯᠠ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ ︵ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠲᠥᠪ︶ | ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠲᠥᠪ᠂ ᠬᠠᠷ᠎ᠠ ᠤᠰᠤ ᠨᠤᠭᠤ | ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ᠃ | ᠬᠠᠷᠢᠯᠴᠠᠬᠤ ᠨᠢ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ | ᠨᠠᠮ ᠤᠨ ᠰᠤᠷᠭᠠᠭᠤᠯᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠴᠡᠯᠡᠭᠡᠷ ᠲᠠᠯ᠎ᠠ ᠰᠦ ᠶᠢᠨ ᠦᠢᠯᠡᠰ ᠤᠨ | ᠨᠡᠭᠡᠭᠡᠯᠲᠡ ᠶᠢᠨ ᠣᠷᠣᠨ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠵᠢᠴᠢ | ᠬᠤᠰᠢᠭᠤᠨ ᠳᠤ ᠰᠠᠭᠤᠭ᠎ᠠ ᠪᠤᠰᠤᠳ ᠪᠠᠩᠬᠢ᠂ ᠡᠯ᠎ᠡ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠳ᠋ᠦ᠋ ᠸᠧᠶ ︵ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ | ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ︶᠄ ᠬᠤᠰᠢᠭᠤᠨ ᠳᠠᠷᠤᠭ᠎ᠠ ᠶᠢ ᠬᠠᠮᠵᠢᠨ ᠳᠣᠲᠣᠭᠠᠳᠤ ᠶᠢ | ᠬᠠᠮᠠᠭᠠᠯᠠᠬᠤ᠂ ᠬᠠᠤᠯᠢ ᠴᠠᠭᠠᠵᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠰᠠᠭ ᠤᠨ ᠣᠷᠳᠣᠨ ᠤ | ᠬᠠᠤᠯᠢ ᠲᠦᠷᠢᠮ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠵᠥᠪᠯᠡᠭᠴᠢ ᠶᠢᠨ | ᠯᠠᠪᠯᠠᠭ᠎ᠠ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠵᠡᠷᠭᠡ ᠲᠠᠯ᠎ᠠ ᠶᠢᠨ ᠠᠵᠢᠯ ᠢ | ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃ | ᠬᠤᠪᠢᠳᠠᠨ ᠬᠠᠮᠢᠶᠠᠷᠬᠤ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ | ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠃ | ᠬᠠᠷᠢᠯᠴᠠᠬᠤ ᠨᠢ᠄ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠠᠬᠢᠳᠠᠯ | ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠥᠨᠳᠥᠷ | ᠬᠤᠷᠳᠤᠴᠠᠲᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠪᠠᠶ ᠯᠢ ᠢᠦᠶ ︵ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ︶᠄ ᠬᠤᠰᠢᠭᠤᠨ ᠳᠠᠷᠤᠭ᠎ᠠ ᠶᠢ ᠬᠠᠪᠰᠤᠷᠤᠨ ᠵᠠᠮ ᠲᠡᠭᠡᠭᠡᠪᠦᠷᠢ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ | ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠦᠨᠳᠦᠰᠦᠲᠡᠨ ᠤ ᠬᠡᠷᠡᠭ ᠶᠠᠪᠤᠳᠠᠯ᠂ ᠵᠠᠭᠠᠯᠳᠤᠯᠭ᠎ᠠ ᠶᠢ ᠭᠥᠯᠢᠶᠡᠨ | ᠠᠪᠤᠪᠠᠯ ᠳᠠᠷᠤᠶ ᠰᠢᠢᠳᠪᠦᠷᠢᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ | ᠰᠢᠢᠳᠪᠦᠷᠢᠯᠡᠬᠦ ᠶᠢ ᠵᠢᠯᠣᠭᠤᠳᠤᠨ ᠲᠣᠬᠢᠷᠠᠭᠤᠯᠬᠤ ᠲᠥᠪ᠃ | ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠪᠡᠯᠡᠳᠬᠡᠯ ᠠᠯᠪᠠᠨ ᠭᠡᠷ ᠵᠢᠴᠢ ᠬᠤᠰᠢᠭᠤᠨ ᠳᠤ | ᠰᠠᠭᠤᠭ᠎ᠠ ᠴᠡᠷᠢᠭ ᠠᠩᠭᠢ᠂ ᠭᠠᠯᠲᠤ ᠲᠡᠷᠭᠡᠨ ᠥᠷᠲᠡᠭᠡ᠂ ᠴᠢᠯᠠᠭᠤᠨ ᠲᠣᠰᠣᠨ ᠤ ᠺᠣᠮᠫᠠᠨᠢ ᠲᠠᠢ ᠬᠠᠷᠢᠯᠴᠠᠨ᠎ᠠ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠮᠧᠩ ᠵᠢᠶᠦ᠋ᠨ ᠴᠢᠤᠸᠠᠨ ︵ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ︶᠄ ᠬᠤᠰᠢᠭᠤᠨ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ | ᠪᠠ ᠬᠥᠳᠡᠭᠡ ᠲᠣᠰᠬᠤᠨ᠂ ᠣᠶ ᠰᠢᠭᠤᠶ ᠪᠠ ᠨᠤᠲᠤᠭ ᠪᠡᠯᠴᠢᠭᠡᠷ᠂ ᠬᠠᠩᠭᠠᠨ ᠪᠣᠷᠣᠯᠠᠭᠤᠯᠬᠤ᠂ ᠤᠯᠤᠰ ᠤᠨ | ᠣᠳᠣᠬᠢᠴᠢᠯᠠᠭᠰᠠᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ᠂ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠠᠷ᠎ᠠ ᠤᠰᠤ ᠶᠢᠨ ᠠᠮᠢ ᠠᠬᠤᠶ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠤᠯᠤᠰ ᠤᠨ ᠣᠲᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠠᠵᠢᠯ ᠤᠨ ᠦᠢᠯᠡᠴᠢᠯᠡᠭᠡᠨ ᠤ ᠲᠥᠪ᠂ ᠲᠦᠮᠡᠳ ᠵᠡᠭᠦᠨ | ᠬᠤᠰᠢᠭᠤᠨ ᠤ ᠠᠯᠲᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠯᠠ ᠣᠷᠣᠭᠤᠯᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃ | ᠬᠠᠷᠢᠯᠴᠠᠬᠤ ᠨᠢ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠵᠧᠦ ᠨᠠᠨ ︵ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠳᠡᠳ᠋ ᠬᠤᠰᠢᠭᠤᠨ ᠳᠠᠷᠤᠭ᠎ᠠ︶᠄ ᠬᠤᠰᠢᠭᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ᠂ ᠰᠢᠨᠵᠢᠯᠡᠬᠦ ᠤᠬᠠᠭᠠᠨ | ᠮᠡᠷᠭᠡᠵᠢᠯ᠂ ᠲᠤᠭ᠎ᠠ ᠪᠦᠷᠢᠳᠬᠡᠯ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠣᠮᠣ ᠳ᠋ᠠᠶᠢᠲ᠋ᠠ ᠶᠢᠨ ᠬᠡᠷᠡᠭᠯᠡᠯᠲᠡ᠂ ᠤᠶᠤᠨᠲᠤ | ᠬᠤᠲᠠ ᠶᠢᠨ ᠪᠥᠲᠥᠭᠡᠨ ᠪᠠᠶᠢᠭᠤᠯᠤᠯᠲᠠ᠂ ᠲᠣᠭᠠᠴᠢᠯᠠᠭᠰᠠᠨ ᠠᠵᠤ ᠠᠬᠤᠶ᠂ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠶᠠᠪᠤᠳᠠᠯ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠣᠷᠣᠨ ᠨᠤᠲᠤᠭ ᠤᠨ ᠣᠶᠢᠯᠠᠯᠭ᠎ᠠ ᠵᠡᠷᠭᠡ | ᠲᠠᠯ᠎ᠠ ᠶᠢᠨ ᠠᠵᠢᠯ ᠢ ᠬᠠᠷᠢᠭᠤᠴᠠᠵᠤ᠂ ᠼᠦᠢ ᠵᠢᠶᠧ ᠳᠡᠳ᠋ ᠬᠤᠰᠢᠭᠤᠨ ᠳᠠᠷᠤᠭ᠎ᠠ ᠶᠢ ᠬᠠᠮᠵᠢᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠠᠯᠠ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ ︵ᠬᠤᠳᠠᠯᠳᠤᠭᠠᠨ ᠤ ᠶᠠᠪᠤᠳᠠᠯ ᠪᠠ ᠭᠠᠳᠠᠭᠠᠳᠤ ᠠᠷᠠᠯᠵᠢᠶᠠᠨ ᠤ ᠲᠠᠯ᠎ᠠ︶ | ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠪᠡᠶ᠎ᠡ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ ︵ᠤᠯᠠᠭᠠᠨᠮᠥ᠋ᠴᠢᠷ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠦᠮᠡᠳ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃ | ᠬᠠᠷᠢᠯᠴᠠᠬᠤ ᠨᠢ᠄ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠬᠤᠰᠢᠭᠤᠨ ᠳᠤ ᠰᠠᠭᠤᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ᠂ | ᠬᠥᠬᠡᠬᠤᠲᠠ ᠶᠢᠨ ᠬᠤᠲᠠ ᠬᠥᠳᠡᠭᠡ ᠶᠢᠨ ᠠᠵᠤ ᠠᠬᠤᠶ ᠶᠢᠨ ᠪᠠᠶᠢᠴᠠᠭᠠᠯᠲᠠ ᠶᠢᠨ ᠲᠥᠪ ᠤᠨ ᠲᠦᠮᠡᠳ ᠵᠡᠭᠦᠨ | ᠬᠤᠰᠢᠭᠤᠨ ᠤ ᠬᠤᠪᠢᠶᠠᠷᠢ ᠲᠥᠪ᠂ ᠲᠠᠩᠰᠠ ᠡᠪᠬᠡᠮᠡᠯ ᠤᠨ ᠣᠷᠳᠣᠨ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ | ᠂ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ᠂ ᠤᠳᠬ᠎ᠠ ᠤᠷᠠᠯᠢᠭ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠵᠡᠮᠳᠡᠭᠴᠦᠳ ᠤᠨ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ᠂ ᠡᠯ᠎ᠡ ᠰᠣᠨᠢᠨ ᠮᠡᠳᠡᠭᠡᠨ ᠤ ᠨᠢᠭᠡᠴᠡ᠂ | ᠰᠢᠤᠳᠠᠨ ᠤ ᠬᠤᠪᠢᠶᠠᠷᠢ ᠲᠣᠪᠴᠢᠶ᠎ᠠ᠂ ᠨᠠᠪᠴᠢᠨ ᠲᠠᠮᠠᠬᠢ ᠶᠢᠨ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ | ᠬᠤᠯᠪᠣᠭ᠎ᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠤᠪᠢᠶᠠᠷᠢ ᠺᠣᠮᠫᠠᠨᠢ᠂ | ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠤᠪᠢᠶᠠᠷᠢ ᠺᠣᠮᠫᠠᠨᠢ᠂ ᠷᠠᠳᠢᠣ᠋ ᠲᠧᠯᠸᠢᠰ ᠤᠨ ᠰᠦᠯᠵᠢᠶᠡᠨ ᠤ | ᠺᠣᠮᠫᠠᠨᠢ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠯᠠᠩ ᠰᠢᠶᠠᠨ ᠴᠤᠤ ︵ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ︶᠄ ᠬᠤᠰᠢᠭᠤᠨ ᠳᠠᠷᠤᠭ᠎ᠠ ᠶᠢ ᠬᠠᠮᠵᠢᠨ | ᠬᠤᠰᠢᠭᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠰᠢᠭᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯ ᠢ ᠡᠷᠭᠢᠯᠡᠨ᠎ᠡ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠠᠵᠢᠯ ᠤᠨ ᠵᠣᠯᠭᠠᠯᠴᠠᠭ᠎ᠠ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠰᠢᠭᠤᠨ | ᠳᠠᠷᠤᠭ᠎ᠠ ᠶᠢᠨ ᠬᠤᠭᠤᠷᠣᠨᠳᠣ AB ᠠᠵᠢᠯ ᠤᠨ ᠪᠠᠶᠢᠷᠢ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠃ ᠵᠤᠤ | ᠬᠤᠩ ᠰᠢᠩ ᠨᠥᠬᠦᠷ᠂ ᠼᠦᠢ ᠵᠢᠶᠧ ᠨᠥᠬᠦᠷ ᠬᠠᠷᠢᠯᠴᠠᠨ A᠂ B ᠠᠵᠢᠯ ᠤᠨ ᠪᠠᠶᠢᠷᠢ ᠪᠣᠯᠤᠨ᠎ᠠ︔ ᠪᠠᠢ ᠯᠢ ᠢᠦᠢ | ᠨᠥᠬᠦᠷ᠂ ᠵᠧᠦ ᠨᠠᠨ ᠨᠥᠬᠦᠷ ᠬᠠᠷᠢᠯᠴᠠᠨ A᠂ B ᠠᠵᠢᠯ ᠤᠨ ᠪᠠᠶᠢᠷᠢ ᠪᠣᠯᠤᠨ᠎ᠠ︔ ᠳ᠋ᠦ᠋ ᠸᠧᠢ ᠨᠥᠬᠦᠷ᠂ ᠮᠧᠩ | ᠵᠢᠶᠦ᠋ᠨ ᠴᠢᠤᠸᠠᠨ ᠨᠥᠬᠦᠷ ᠬᠠᠷᠢᠯᠴᠠᠨ A᠂ B ᠠᠵᠢᠯ ᠤᠨ ᠪᠠᠶᠢᠷᠢ ᠪᠣᠯᠤᠨ᠎ᠠ᠃ ᠬᠠᠷᠢᠯᠴᠠᠨ AB ᠠᠵᠢᠯ ᠤᠨ | ᠪᠠᠶᠢᠷᠢ ᠲᠠᠢ ᠤᠳᠤᠷᠢᠳᠬᠤ ᠨᠥᠬᠦᠳ᠂ ᠨᠢᠭᠡ ᠭᠠᠳᠠᠭᠰᠢ ᠭᠠᠷᠬᠤ ᠬᠤᠭᠤᠴᠠᠭᠠᠨ ᠳᠤ᠂ ᠥᠭᠡᠷ᠎ᠡ ᠨᠢᠭᠡ ᠵᠠᠰᠠᠭ ᠤᠨ | ᠶᠠᠪᠤᠳᠠᠯ ᠤᠨ ᠠᠵᠢᠯᠯᠠᠭ᠎ᠠ ᠶᠢᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠨ᠎ᠡ᠃ ᠪᠠᠴᠢᠮ ᠪᠠᠶᠢᠳᠠᠯ ᠢ | ᠠᠷᠭᠠᠴᠠᠬᠤ ᠪᠠᠶᠢᠳᠠᠯ ᠳᠣᠣᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠬᠤ | ᠨᠥᠬᠦᠳ ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠲᠦᠮᠡᠳ ᠵᠡᠭᠦᠨ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ | 2025 ᠣᠨ ᠤ 3 ᠰᠠᠷ᠎ᠠ ᠶᠢᠨ 7 ᠤ ᠡᠳᠦᠷ |