ᠲᠦᠮᠡᠳ ᠵᠡᠭᠦᠨ ᠬᠤᠰᠢᠭᠤ 2025 ᠣᠨ ᠳᠤ ᠰᠢᠨ᠎ᠡ ᠴᠡᠷᠢᠭ ᠤᠨ ᠪᠡᠶ᠎ᠡ ᠲᠠᠮᠢᠷ ᠤᠨ ᠰᠢᠯᠭᠠᠯᠲᠠ ᠶᠢ ᠪᠥᠬᠦ ᠲᠠᠯ᠎ᠠ ᠪᠠᠷ ᠡᠬᠢᠯᠡᠭᠦᠯᠬᠦ ᠪᠠᠷ ᠲᠣᠭᠲᠠᠭᠠᠪᠠ᠃
ᠨᠡᠶᠢᠲᠡᠯᠡᠭᠰᠡᠨ ᠴᠠᠭ᠄
2025/3/13
    ᠪᠡᠶ᠎ᠡ ᠮᠠᠬᠠᠪᠣᠳ ᠤᠨ ᠬᠡᠪ ᠴᠢᠨᠠᠷ ᠢᠶᠠᠷ ᠴᠢᠩᠭ᠎ᠠ᠂ ᠵᠣᠷᠢᠭ ᠰᠠᠨᠠᠭ᠎ᠠ ᠵᠠᠩ ᠴᠢᠨᠠᠷ ᠨᠢ ᠪᠠᠲᠤ ᠴᠢᠩᠭ᠎ᠠ ᠰᠢᠯᠢᠳᠡᠭ ᠵᠠᠯᠠᠭᠤᠴᠤᠳ ᠢ ᠰᠣᠩᠭᠤᠨ ᠴᠡᠷᠢᠭ ᠲᠤ ᠣᠷᠣᠭᠤᠯᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤ 2025 ᠣᠨ ᠳᠤ ᠰᠢᠨ᠎ᠡ ᠴᠡᠷᠢᠭ ᠤᠨ ᠪᠡᠶ᠎ᠡ ᠶᠢᠨ ᠲᠠᠮᠢᠷ ᠤᠨ ᠰᠢᠯᠭᠠᠯᠲᠠ ᠶᠢ  ᠵᠢᠨᠱᠠᠨ ᠰᠤᠷᠭᠠᠭᠤᠯᠢ ᠳᠤ ᠶᠠᠪᠤᠭᠳᠠᠭᠤᠯᠤᠨ᠎ᠠ᠃    ᠲᠣᠰ ᠤᠳᠠᠭᠠᠨ ᠤ ᠪᠡᠶ᠎ᠡ ᠲᠠᠮᠢᠷ ᠤᠨ ᠰᠢᠯᠭᠠᠯᠲᠠ ᠨᠢ ᠰᠢᠨ᠎ᠡ ᠴᠡᠷᠢᠭ ᠤᠨ ᠳᠠᠭᠠᠭᠠᠴᠠ᠂ ᠬᠤᠷᠳᠤᠴᠠ᠂ ᠬᠦᠴᠦᠨ ᠴᠢᠳᠠᠯ ᠵᠢᠴᠢ ᠵᠣᠬᠢᠴᠠᠭᠤᠯᠬᠤ ᠴᠢᠨᠠᠷ ᠵᠡᠷᠭᠡ ᠪᠡᠶ᠎ᠡ ᠮᠠᠬᠠᠪᠣᠳ ᠤᠨ ᠬᠡᠪ ᠴᠢᠨᠠᠷ ᠢ ᠪᠥᠬᠦ ᠲᠠᠯ᠎ᠠ ᠪᠠᠷ ᠰᠢᠯᠭᠠᠨ ᠪᠠᠶᠢᠴᠠᠭᠠᠪᠠ᠃ ᠬᠡᠮᠵᠢᠨ ᠲᠤᠷᠰᠢᠬᠤ ᠲᠥᠷᠥᠯ ᠵᠦᠢᠯ ᠨᠢ 1000 ᠮᠧᠲᠷ ᠤᠨ ᠭᠦᠶᠦᠯᠲᠡ᠂ ᠳᠡᠭᠡᠰᠦ ᠦᠰᠦᠷᠬᠦ᠂ ᠰᠢᠳᠡᠬᠦ᠂ ᠣᠷᠣ ᠶᠢᠨ ᠡᠮᠦᠨ᠎ᠡ ᠨᠢ ᠨᠤᠭᠤᠯᠬᠤ᠂ ᠬᠤᠯᠠ ᠦᠰᠦᠷᠬᠦ ᠶᠢ ᠬᠠᠮᠤᠷᠴᠠᠶ᠃    ᠪᠡᠶ᠎ᠡ ᠶᠢᠨ ᠴᠢᠳᠠᠪᠤᠷᠢ ᠶᠢᠨ ᠬᠢᠨᠠᠨ ᠰᠢᠯᠭᠠᠬᠤ ᠶᠢᠨ ᠡᠷᠬᠡ ᠲᠡᠭᠰᠢ ᠲᠥᠪ ᠭᠤᠣᠯᠴᠢ ᠪᠠ ᠠᠮᠤᠷ ᠲᠥᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠦᠮᠡᠳ ᠵᠡᠭᠦᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠯᠢ ᠣᠯᠠᠨ ᠴᠢᠩᠭ᠎ᠠ ᠠᠷᠭ᠎ᠠ ᠬᠡᠮᠵᠢᠶ᠎ᠡ ᠠᠪᠤᠪᠠ᠃ ᠨᠢᠭᠡ ᠳᠤ᠂ ᠰᠢᠯᠭᠠᠭᠴᠢ ᠶᠢ ᠴᠢᠩᠭ᠎ᠠ ᠰᠢᠯᠢᠨ ᠰᠣᠩᠭᠤᠵᠤ᠂ ᠲᠤᠷᠰᠢᠯᠭ᠎ᠠ ᠪᠠᠷ ᠪᠠᠶᠠᠯᠢᠭ ᠪᠡᠶ᠎ᠡ ᠲᠠᠮᠢᠷ ᠤᠨ ᠰᠤᠷᠭᠠᠭᠴᠢ ᠶᠢ ᠰᠣᠩᠭᠤᠨ ᠰᠢᠯᠭᠠᠭᠴᠢ ᠶᠢᠨ ᠲᠤᠰᠢᠶᠠᠯ ᠢ ᠡᠭᠦᠷᠭᠡᠯᠡᠬᠦ ᠶᠢᠨ ᠬᠠᠮᠲᠤ ᠲᠤᠬᠠᠶᠢᠯᠠᠭᠰᠠᠨ ᠠᠵᠢᠯ ᠤᠨ ᠴᠢᠩᠭ᠎ᠠ ᠪᠣᠯᠪᠠᠰᠤᠷᠠᠭᠤᠯᠤᠯ ᠢ ᠬᠢᠵᠦ᠂ ᠰᠢᠯᠭᠠᠨ ᠲᠣᠭᠲᠠᠭᠠᠬᠤ ᠪᠠᠷᠢᠮᠵᠢᠶ᠎ᠠ ᠶᠢᠨ ᠨᠢᠭᠡᠳᠦᠯᠲᠡᠶ᠂ ᠰᠢᠯᠭᠠᠨ ᠲᠣᠭᠲᠠᠭᠠᠬᠤ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠪᠥᠬᠦ ᠶᠠᠪᠤᠴᠠ ᠶᠢᠨ ᠪᠠᠲᠤᠯᠠᠭ᠎ᠠ ᠶᠢ ᠲᠣᠬᠢᠷᠠᠭᠤᠯᠬᠤ ᠶᠢᠨ ᠬᠠᠮᠲᠤ ᠴᠢᠬᠤᠯᠠ ᠪᠦᠬᠦᠢ ᠲᠦᠷᠭᠡᠨ ᠠᠪᠤᠷᠠᠬᠤ ᠡᠮ ᠤᠨ ᠵᠦᠢᠯ ᠪᠠ ᠪᠠᠭᠠᠵᠢ ᠬᠡᠷᠡᠭᠰᠡᠯ ᠢ ᠲᠣᠬᠢᠷᠠᠭᠤᠯᠵᠤ᠂ ᠲᠤᠷᠰᠢᠨ ᠰᠢᠯᠭᠠᠬᠤ ᠶᠠᠪᠤᠴᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ ᠂ ᠪᠥᠬᠦ ᠶᠠᠪᠤᠴᠠ ᠳᠤ ᠳᠦᠷᠰᠦ ᠰᠢᠩᠭᠡᠭᠡᠯᠲᠡ ᠶᠢ ᠬᠢᠨᠠᠨ ᠡᠵᠡᠮᠳᠡᠵᠦ᠂ ᠶᠠᠮᠠᠷᠪᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠪᠤᠶᠤ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠰᠢᠯᠭᠠᠯᠲᠠ ᠶᠢᠨ ᠦᠷ᠎ᠡ ᠳ᠋ᠦᠩ ᠤᠨ ᠦᠨᠡᠨ ᠪᠣᠳᠠᠲᠤ ᠴᠢᠨᠠᠷ ᠪᠠ ᠲᠥᠪ ᠭᠤᠤᠯᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃    ᠲᠣᠰ ᠤᠳᠠᠭᠠᠨ ᠤ ᠪᠡᠶ᠎ᠡ ᠲᠠᠮᠢᠷ ᠤᠨ ᠰᠢᠯᠭᠠᠯᠲᠠ ᠪᠣᠯ ᠲᠦᠮᠡᠳ ᠵᠡᠭᠦᠨ ᠬᠤᠰᠢᠭᠤᠨ ᠤ 2025 ᠣᠨ ᠤ ᠰᠢᠨ᠎ᠡ ᠴᠡᠷᠢᠭ ᠢ ᠡᠯᠰᠡᠬᠦ ᠠᠵᠢᠯ ᠤᠨ ᠴᠢᠬᠤᠯᠠ ᠭᠤᠭᠴᠤᠭ᠎ᠠ ᠪᠣᠯᠤᠨ᠎ᠠ᠃ ᠡᠨᠡ ᠨᠢ ᠰᠢᠨ᠎ᠡ ᠴᠡᠷᠢᠭ ᠨᠢᠭᠡᠪᠦᠷᠢ ᠶᠢᠨ ᠪᠡᠶ᠎ᠡ ᠮᠠᠬᠠᠪᠣᠳ ᠤᠨ ᠬᠡᠪ ᠴᠢᠨᠠᠷ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠡᠯ᠎ᠡ ᠴᠡᠷᠢᠭ ᠤᠨ ᠲᠥᠷᠥᠯ ᠳᠤ ᠨᠠᠩ ᠲᠣᠬᠢᠷᠠᠮᠵᠢᠲᠠᠶ ᠴᠡᠷᠢᠭ ᠤᠨ ᠶᠠᠪᠤᠳᠠᠯ ᠤᠨ ᠴᠢᠳᠠᠪᠤᠷᠢᠲᠠᠨ ᠬᠦᠷᠭᠡᠬᠦ ᠶᠢᠨ ᠲᠥᠯᠥᠭᠡ ᠶᠤᠮ᠃ ᠪᠠᠶᠢᠴᠠᠭᠠᠯᠲᠠ ᠪᠠᠷ ᠳᠠᠮᠵᠢᠨ᠂ ᠰᠢᠨ᠎ᠡ ᠴᠡᠷᠢᠭ ᠨᠢᠭᠡᠪᠦᠷᠢ ᠶᠢᠨ ᠬᠤᠪᠢ ᠬᠥᠮᠦᠨ ᠤ ᠳᠠᠪᠠᠭᠤᠯᠢᠭ ᠢ ᠠᠭᠤᠳᠠᠯᠵᠤ ᠴᠢᠳᠠᠬᠤ ᠮᠥᠷᠲᠡᠭᠡᠨ ᠪᠠᠰᠠ ᠲᠡᠳᠡᠨ ᠤ ᠤᠳᠠᠯ ᠦᠭᠡᠢ ᠡᠬᠢᠯᠡᠬᠦ ᠭᠡᠵᠦ ᠪᠠᠶᠢᠭ᠎ᠠ ᠴᠡᠷᠢᠭ ᠠᠩᠭᠢ ᠶᠢᠨ ᠠᠮᠢᠳᠤᠷᠠᠯ ᠳᠤ ᠰᠠᠭᠤᠷᠢ ᠶᠢ ᠪᠠᠬᠢᠵᠢᠭᠦᠯᠵᠦ ᠴᠢᠳᠠᠨ᠎ᠠ᠃
C:\Users\bch\Desktop\3.17\3.13  图文  土左旗2025年预定新兵体能测试全面展开图1.jpg
 
ᠢᠷᠡᠯᠲᠡ᠄ ᠲᠦᠮᠡᠳ ᠵᠡᠭᠦᠨ‌ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号