3 ᠰᠠᠷ᠎ᠠ ᠶᠢᠨ 13 ᠤ ᠡᠳᠦᠷ᠂ ᠴᠡᠯᠡᠭᠡᠷ ᠲᠠᠯ᠎ᠠ ᠪᠠᠯᠭᠠᠰᠤ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠬᠤᠷᠠᠯᠳᠤᠭᠤᠯᠪᠠ᠃ ᠴᠡᠯᠡᠭᠡᠷ ᠲᠠᠯ᠎ᠠ ᠪᠠᠯᠭᠠᠰᠤᠨ ᠤ ᠤᠳᠤᠷᠢᠳᠬᠤ ᠪᠠᠭ᠂ ᠬᠤᠰᠢᠭᠤᠨ ᠤ ᠮᠥᠩᠭᠦᠨ | ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ | ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠮᠢᠶ᠎ᠠ ᠪᠥᠬᠦᠶ ᠤᠳᠤᠷᠢᠳᠤᠯᠭ᠎ᠠ᠂ ᠲᠦᠮᠡᠳ ᠵᠡᠭᠦᠨ ᠬᠤᠰᠢᠭᠤᠨ ᠤ ᠵᠢᠯ ᠳᠤ ᠦᠯᠡᠳᠡᠪᠦᠷᠢ ᠲᠠᠷᠢᠶᠠᠯᠠᠩ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠧᠩ ᠮᠤᠤ ᠲᠠᠷᠢᠶᠠᠯᠠᠩ ᠤᠨ ᠨᠡᠭᠡᠭᠡᠯᠲᠡ ᠶᠢᠨ | ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ | ᠲᠣᠰ ᠲᠣᠰ ᠤᠨ ᠣᠳᠣᠬᠢ ᠪᠠᠶᠢᠳᠠᠯ᠂ ᠢᠷᠡᠭᠡᠳᠦᠶ ᠶᠢᠨ ᠬᠡᠳᠦᠨ ᠵᠢᠯ ᠳᠤ ᠬᠡᠷᠬᠢᠨ ᠬᠥᠭᠵᠢᠭᠦᠯᠬᠦ᠂ ᠬᠥᠭᠵᠢᠯᠲᠡ ᠶᠢᠨ | ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠨ ᠬᠠᠷᠢᠯᠴᠠᠨ ᠰᠣᠯᠢᠯᠴᠠᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠣᠰ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ ᠵᠢᠴᠢ ᠢᠲᠡᠭᠡᠮᠵᠢᠲᠦ | ᠵᠢᠭᠡᠯᠡᠯᠭᠡ ᠶᠢᠨ ᠦᠢᠯᠡᠳᠬᠦᠨ᠂ ᠳᠠᠪᠠᠭᠤᠯᠢᠭ ᠲᠥᠷᠥᠯ ᠵᠦᠢᠯ ᠵᠡᠷᠭᠡ ᠶᠢ ᠲᠠᠨᠢᠯᠴᠠᠭᠤᠯᠪᠠ᠃ ᠬᠤᠰᠢᠭᠤᠨ ᠤ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠲᠥᠪ ᠤᠨ ᠯᠢ ᠬᠤᠩ ᠴᠧᠨ ᠡᠷᠬᠢᠯᠡᠭᠴᠢ ᠠᠵᠤ ᠠᠬᠤᠶᠢᠯᠠᠯ ᠪᠣᠯᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠵᠠᠭᠪᠤᠷ ᠲᠤ ᠭᠦᠨᠵᠡᠭᠡᠶ ᠲᠠᠶᠢᠯᠤᠮᠵᠢ ᠬᠢᠪᠠ ᠃ | ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠠᠴᠠ ᠪᠠᠨ ᠠᠵᠤ ᠠᠬᠤᠶᠢᠯᠠᠯ ᠤᠨ ᠠᠵᠢᠯᠯᠠᠭᠠᠨ ᠤ ᠶᠠᠪᠤᠴᠠ ᠳᠤ ᠣᠷᠣᠰᠢᠵᠤ ᠪᠠᠶᠢᠭ᠎ᠠ ᠪᠣᠭᠤᠮᠢ ᠶᠢ ᠨᠢᠭᠡᠳ | ᠨᠢᠭᠡ ᠪᠠᠷ ᠰᠢᠢᠳᠪᠦᠷᠢᠯᠡᠬᠦ ᠬᠡᠷᠡᠭᠲᠡᠶ ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ | ᠳᠠᠷᠤᠭ᠎ᠠ ᠵᠢᠶᠠᠩ ᠵᠢᠶᠦ᠋ᠨ ᠢ᠂ ᠵᠠᠰᠠᠭ ᠤᠨ ᠣᠷᠳᠣᠨ ᠪᠣᠯ ᠠᠵᠤ ᠠᠬᠤᠶᠢᠯᠠᠯ ᠪᠣᠯᠤᠨ ᠪᠠᠩᠬᠢ ᠶᠢᠨ | ᠨᠡᠪᠲᠡᠷᠡᠯᠴᠡᠭᠡ ᠶᠢᠨ ᠬᠥᠭᠦᠷᠭᠡ ᠮᠥᠨ᠂ ᠪᠠᠯᠭᠠᠰᠤᠨ ᠤ ᠵᠠᠰᠠᠭ ᠤᠨ ᠣᠷᠳᠣᠨ ᠪᠣᠯ ᠲᠥᠷᠥ ᠶᠢᠨ ᠪᠣᠳᠣᠯᠭ᠎ᠠ ᠶᠢᠨ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ | ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ | ᠨᠢᠭᠡ ᠺᠢᠯᠤᠮᠧᠲᠷ︾ ᠢ ᠦᠨᠡᠨ ᠬᠦ ᠨᠡᠪᠲᠡᠷᠡᠭᠦᠯᠬᠦ ᠬᠡᠷᠡᠭᠲᠡᠶ᠃ ᠡᠭᠦᠨ ᠤ ᠬᠠᠮᠲᠤ᠂ ᠪᠠᠩᠬᠢ ᠶᠢᠨ ᠬᠢᠨ ᠪᠣᠳᠠᠲᠤ | ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠴᠢᠩᠭᠠᠳᠬᠠᠬᠤ ᠬᠡᠷᠡᠭᠲᠡᠢ᠃ | ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠡᠮᠵᠢᠨ᠂ ᠴᠡᠯᠡᠭᠡᠷ ᠲᠠᠯ᠎ᠠ ᠪᠠᠯᠭᠠᠰᠤ ᠮᠥᠩᠭᠦᠨ ᠭᠦᠶ᠋ᠯᠭᠡᠭᠡᠨ ᠤ | ᠪᠠᠶᠢᠭᠤᠯᠤᠮᠵᠢ᠂ ᠠᠵᠤ ᠠᠬᠤᠶᠢᠯᠠᠯ ᠯᠤᠭ᠎ᠠ ᠶᠢᠨ ᠬᠤᠭᠤᠷᠣᠨᠳᠣᠬᠢ ᠨᠡᠪᠲᠡᠷᠡᠯᠴᠡᠭᠡ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠨᠠᠩ ᠣᠨᠣᠪᠴᠢᠲᠠᠶ | ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠦᠭᠵᠢᠷᠡᠯ ᠴᠡᠭ ᠢ ᠨᠡᠪᠲᠡᠷᠡᠭᠦᠯᠵᠦ᠂ ᠭᠤᠷᠪᠠᠨ | ᠲᠠᠯ᠎ᠠ ᠶᠢᠨ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠣᠷᠣᠨ ᠨᠤᠲᠤᠭ ᠤᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠡᠭᠦᠨ ᠤ ᠤᠯᠠᠮ ᠠᠴᠠ | ᠪᠥᠬᠦ ᠪᠠᠯᠭᠠᠰᠤᠨ ᠤ ᠠᠵᠤ ᠠᠬᠤᠶ ᠶᠢᠨ ᠴᠡᠴᠡᠭᠯᠡᠨ ᠬᠥᠭᠵᠢᠬᠦ ᠶᠢ ᠠᠬᠢᠭᠤᠯᠤᠨ᠎ᠠ ᠭᠡᠪᠡ᠃ |