ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ | ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠮᠠᠨ ᠤ ᠬᠤᠰᠢᠭᠤᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠤᠨ | ᠪᠦᠬᠦᠯᠢ ᠴᠣᠭᠴᠠ ᠶᠢᠨ ᠬᠡᠪ ᠴᠢᠨᠠᠷ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠲᠦᠮᠡᠳ | ᠵᠡᠭᠦᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ | ᠣᠶᠢᠷ᠎ᠠ ᠶᠢᠨ ᠬᠤᠭᠤᠴᠠᠭᠠᠨ ᠳᠤ ᠬᠠᠮᠢᠶ᠎ᠠ ᠪᠥᠬᠦᠶ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ | ᠲᠢᠩᠬᠢᠮ ᠤᠨ ᠡᠷᠭᠢᠯᠡᠭᠰᠡᠨ ᠪᠥᠬᠦ ᠣᠷᠣᠨ ᠤ ᠢᠳᠡᠭᠡᠨ ᠤᠮᠳᠠᠭᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ | ᠪᠣᠯᠪᠠᠰᠤᠷᠠᠯ ᠤᠨ ᠠᠩᠭᠢ ᠳᠤ ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠢᠳᠡᠭᠡᠨ | ᠤᠮᠳᠠᠭᠠᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠢᠳᠡᠭᠡᠨ ᠤᠮᠳᠠᠭᠠᠨ ᠤ ᠦᠢᠯᠡᠰ ᠤᠨ | ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠪᠠᠷᠢᠮᠵᠢᠶᠠᠵᠢᠭᠰᠠᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ ᠢᠳᠡᠭᠡᠨ ᠤᠮᠳᠠᠭᠠᠨ ᠤ ᠠᠷᠪᠢᠯᠠᠨ ᠭᠠᠮᠨᠠᠬᠤ ᠶᠢ ᠲᠤᠯᠭᠠᠭᠤᠷᠢᠯᠠᠬᠤ ᠵᠢᠴᠢ | ᠰᠦᠯᠢᠶᠣᠣ ᠶᠢᠨ ᠪᠣᠬᠢᠷᠲᠤᠯ ᠢ ᠵᠠᠰᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠬᠡᠷᠡᠭᠯᠡᠯᠲᠡ ᠶᠢ ᠲᠠᠶᠢᠯᠪᠤᠷᠢᠯᠠᠵᠤ | ᠂ ᠮᠠᠨ ᠤ ᠬᠤᠰᠢᠭᠤᠨ ᠤ ᠢᠳᠡᠭᠡᠨ ᠤᠮᠳᠠᠭᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ | ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃ | ᠰᠢᠲᠠᠮᠠᠬᠠᠶ ᠬᠡᠢ ᠶᠢᠨ ᠠᠮᠤᠷ ᠲᠦᠪᠰᠢᠨ ᠪᠣᠯ ᠢᠳᠡᠭᠡᠨ ᠤᠮᠳᠠᠭᠠᠨ ᠤ ᠦᠢᠯᠡᠰ ᠤᠨ ᠣᠮᠲᠣᠭᠠᠶᠢᠯᠠᠵᠤ ᠪᠣᠯᠤᠰᠢ | ᠦᠭᠡᠶ ᠴᠢᠬᠤᠯᠠ ᠵᠠᠩᠭᠢᠯᠠᠭ᠎ᠠ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠰᠢᠲᠠᠮᠠᠬᠠᠶ ᠬᠡᠶ ᠵᠣᠬᠢᠰ ᠥᠬᠡᠶ ᠠᠴᠠ | ᠪᠣᠯᠵᠣ ᠠᠮᠤᠷ ᠲᠦᠪᠰᠢᠨ ᠤ ᠠᠳᠡᠯ ᠪᠠᠶᠢᠨ ᠳᠠᠬᠢᠨ ᠭᠠᠷᠴᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠪᠠ | ᠬᠡᠷᠡᠭᠯᠡᠭᠴᠢᠳ ᠲᠤ ᠬᠦᠨᠳᠦ ᠨᠣᠴᠢᠲᠠᠶ ᠠᠮᠢ ᠨᠠᠰᠤ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠢᠳᠡᠭᠡᠨ ᠤᠮᠳᠠᠭᠠᠨ ᠤ ᠦᠢᠯᠡᠰ ᠤᠨ ᠰᠢᠲᠠᠮᠠᠬᠠᠶ ᠬᠡᠶ ᠶᠢᠨ ᠠᠮᠤᠷ | ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠰᠢᠲᠠᠮᠠᠬᠠᠶ ᠬᠡᠶ ᠶᠢᠨ | ᠪᠡᠯᠡᠳᠬᠡᠮᠵᠢ ᠶᠢ ᠤᠭᠰᠠᠷᠠᠬᠤ᠂ ᠬᠡᠷᠡᠭᠯᠡᠬᠦ᠂ ᠬᠠᠮᠠᠭᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ | ᠲᠠᠯ᠎ᠠ ᠶᠢ ᠪᠠᠭᠲᠠᠭᠠᠭᠰᠠᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠴᠢᠳ ᠪᠠ ᠠᠵᠢᠯᠲᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ | ᠲᠣᠰ ᠤᠳᠠᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠥᠬᠦ ᠣᠷᠣᠨ ᠤ ᠢᠳᠡᠭᠡᠨ ᠤᠮᠳᠠᠭᠠᠨ ᠤ | ᠦᠢᠯᠡᠰ ᠤᠨ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠤᠨ ᠠᠩᠭᠢ ᠳᠤ ᠣᠷᠣᠯᠴᠠᠭᠤᠯᠬᠤ ᠪᠣᠯ ᠮᠠᠨ ᠤ | ᠬᠤᠰᠢᠭᠤᠨ ᠤ ᠳᠡᠭᠡᠳᠦ ᠱᠠᠲᠤᠨ ᠤ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠢᠳᠡᠭᠡᠨ ᠤᠮᠳᠠᠭᠠᠨ ᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠦᠴᠦᠯᠡᠨ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ | ᠡᠨᠡ ᠨᠢ ᠮᠠᠨ ᠤ ᠬᠤᠰᠢᠭᠤᠨ ᠤ ᠢᠳᠡᠭᠡᠨ ᠤᠮᠳᠠᠭᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠣᠯᠪᠠᠰᠤᠷᠠᠯ ᠢᠶᠠᠷ ᠳᠠᠮᠵᠢᠨ᠂ ᠲᠦᠮᠡᠳ ᠵᠡᠭᠦᠨ | ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠢᠳᠡᠭᠡᠨ | ᠤᠮᠳᠠᠭᠠᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠭᠡᠨ ᠤᠮᠳᠠᠭᠠᠨ ᠤ ᠦᠢᠯᠡᠰ ᠤᠨ ᠨᠠᠩ ᠪᠣᠬᠢᠷᠲᠤᠯ ᠥᠬᠡᠶ | ᠂ ᠡᠷᠡᠭᠦᠯ᠂ ᠦᠷᠭᠦᠯᠵᠢᠯᠡᠬᠦ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃ |