3 ᠰᠠᠷ᠎ᠠ ᠶᠢᠨ 14 ᠤ ᠡᠳᠦᠷ᠂ ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ 2025 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠧᠩ ᠰᠢᠶᠦ᠋ᠩ ᠡᠷᠭᠢᠯᠡᠵᠦ᠂ ᠲᠣᠪᠴᠢᠶ᠎ᠠ ᠶᠢᠨ | ᠤᠳᠤᠷᠢᠳᠬᠤ ᠪᠠᠭ ᠤᠨ ᠪᠥᠬᠦ ᠬᠥᠮᠦᠰ᠂ ᠰᠲ᠋ᠣᠺ ᠤᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠵᠠᠶ᠃ | ᠬᠤᠷᠠᠯ ᠠᠴᠠ ᠲᠣᠪᠴᠢᠶ᠎ᠠ ᠶᠢᠨ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠪᠠ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ ᠢ ᠵᠠᠷᠯᠠᠨ ᠮᠡᠳᠡᠭᠳᠡᠵᠦ᠂ ᠡᠳᠦᠷ | ᠲᠤᠲᠤᠮ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠢ ᠤᠩᠰᠢᠨ ᠨᠡᠶᠢᠲᠡᠯᠡᠪᠡ᠃ | ᠬᠤᠷᠠᠯ ᠳᠡᠭᠡᠷ᠎ᠡ᠂ ᠡᠯ᠎ᠡ ᠲᠠᠰᠤᠭ᠂ ᠠᠩᠭᠢ ᠶᠢᠨ ᠬᠠᠷᠢᠭᠤᠴᠠᠯᠭᠠᠲᠠᠨ ᠲᠣᠰ ᠰᠠᠯᠠᠭ᠎ᠠ ᠮᠥᠴᠢᠷ ᠤᠨ 2025 ᠣᠨ ᠤ | ᠠᠵᠢᠯ ᠤᠨ ᠬᠠᠷᠠᠯᠲᠠ ᠡᠭᠦᠷᠭᠡ ᠪᠣᠯᠤᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠤᠬᠠᠶ | ᠨᠢᠭᠡᠳ ᠨᠢᠭᠡ ᠪᠠᠷ ᠬᠠᠷᠢᠭᠤ ᠮᠡᠳᠡᠭᠦᠯᠦᠯᠲᠡ ᠬᠢᠵᠦ᠂ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠣᠰ | ᠲᠣᠰ ᠦᠨᠡᠯᠡᠯᠲᠡ ᠬᠢᠭᠰᠡᠨ ᠪᠥᠭᠡᠳ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠳᠤ ᠪᠣᠳᠠᠲᠠᠶ ᠱᠠᠭᠠᠷᠳᠠᠯᠭ᠎ᠠ | ᠳᠤᠷᠠᠳᠴᠤ᠂ ᠲᠣᠪᠴᠢᠶᠠᠨ ᠳᠠᠷᠤᠭ᠎ᠠ ᠵᠠᠩ ᠵᠧᠩ ᠰᠢᠶᠦ᠋ᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠪᠢᠴᠠᠭ᠎ᠠ᠂ ᠲᠠᠰᠤᠭ᠂ ᠠᠩᠬᠢ᠂ ᠭᠠᠵᠠᠷ ᠤᠨ ᠬᠢᠨ 2025 | ᠣᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠨᠠᠷᠢᠨ | ᠲᠥᠯᠥᠪᠯᠡᠭᠡ ᠲᠣᠭᠲᠠᠭᠠᠵᠤ᠂ ᠴᠠᠭ ᠤᠨ ᠳᠠᠷᠠᠭᠠᠯᠠᠯ ᠤᠨ ᠠᠬᠢᠴᠠ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ | ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠢ | ᠣᠨ ᠤ ᠬᠠᠷᠠᠯᠲᠠ ᠡᠭᠦᠷᠭᠡ ᠶᠢᠨ ᠬᠢᠨᠠᠨ ᠰᠢᠯᠭᠠᠯᠲᠠ ᠳᠤ ᠣᠷᠣᠭᠤᠯᠵᠤ᠂ ᠬᠡᠨ ᠲᠦᠷᠦᠭᠦᠯᠡᠨ ᠬᠡᠨ ᠬᠠᠷᠢᠭᠤᠴᠠᠵᠤ᠂ | ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠰᠠᠶᠢᠲᠤᠷ ᠬᠢᠵᠦ᠂ ᠠᠬᠢᠴᠠ ᠶᠢ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠳᠡᠵᠦ᠂ ᠡᠯ᠎ᠡ ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢ ᠪᠠᠲᠤᠯᠠᠬᠤ ᠬᠡᠷᠡᠭᠲᠡᠢ᠃ | ᠠᠵᠢᠯ ᠤᠨ ᠰᠡᠳᠬᠢᠴᠡ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠦᠴᠦᠯᠡᠬᠦ ᠴᠡᠭ ᠢᠶᠠᠨ | ᠣᠨᠣᠪᠴᠢᠲᠠᠢ ᠣᠯᠵᠤ᠂ ᠥᠪᠡᠷᠮᠢᠴᠡ ᠣᠨᠴᠠᠯᠢᠭ ᠲᠠᠢ᠂ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ |