︽ᠭᠠᠵᠠᠷ ᠰᠢᠷᠣᠶ ᠪᠠᠷ ᠠᠮᠤ ᠪᠤᠳᠠᠭ᠎ᠠ ᠶᠢ ᠪᠠᠲᠤᠯᠠᠵᠤ᠂ ᠤᠷ᠎ᠠ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ | ᠳᠡᠭᠡᠭᠰᠢᠯᠡᠭᠦᠯᠬᠦ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ 3 ᠰᠠᠷ᠎ᠠ ᠶᠢᠨ 14 ᠤ ᠡᠳᠦᠷ᠂ ᠲᠦᠮᠡᠳ ᠵᠡᠭᠦᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠬᠤᠯᠪᠣᠭᠳᠠᠬᠤ 7 ᠰᠢᠶᠠᠩ ᠪᠠᠯᠭᠠᠰᠤ ᠶᠢ ᠵᠣᠬᠢᠶᠠᠨ | ᠪᠠᠶᠢᠭᠤᠯᠵᠤ᠂ 39 ᠵᠠᠰᠠᠭ ᠵᠠᠬᠢᠷᠭᠠᠨ ᠤ ᠲᠣᠰᠬᠤᠨ ᠤ ᠬᠠᠷᠢᠭᠤᠴᠠᠯᠭᠠᠲᠠᠨ ᠬᠠᠩᠭᠢᠨ ᠬᠤᠶᠢᠲᠤ ᠬᠤᠰᠢᠭᠤᠨ ᠳᠤ | ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠲᠤᠷᠰᠢᠯᠭ᠎ᠠ ᠶᠢ | ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠠᠵᠢᠯᠲᠠᠳ ᠤᠷᠢᠳ ᠬᠤᠵᠢᠳ ᠬᠠᠩᠭᠢᠨ ᠬᠤᠶᠢᠲᠤ | ᠬᠤᠰᠢᠭᠤᠨ ᠤ ᠮᠢᠨ ᠵᠦ ᠲᠣᠰᠬᠤᠨ᠂ ᠯᠢ ᠡᠯ ᠲᠣᠰᠬᠤᠨ ᠳᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠢᠴᠢ 2025 ᠣᠨ ᠤ ᠲᠦᠷᠦᠯ ᠵᠦᠢᠯ ᠤᠨ | ᠪᠡᠯᠡᠳᠬᠡᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠤᠷᠤᠯᠴᠠᠵᠤ᠂ ᠬᠠᠩᠭᠢᠨ ᠬᠤᠶᠢᠲᠤ ᠬᠤᠰᠢᠭᠤᠨ ᠤ | ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠲᠠᠶᠢᠯᠤᠮᠵᠢ ᠶᠢ ᠰᠣᠨᠣᠰᠴᠤ᠂ ᠢᠯᠠᠩᠭᠤᠶ᠎ᠠ ︽ᠭᠤᠷᠪᠠ ᠶᠢ | ᠡᠪᠳᠡᠵᠦ᠂ ᠲᠠᠪᠤ ᠶᠢ ᠨᠢᠭᠡᠳᠬᠡᠵᠦ᠂ ᠨᠢᠭᠡ ᠶᠢ ᠰᠢᠨ᠎ᠡ ᠪᠠᠷ ᠬᠡᠷᠡᠭᠵᠢᠭᠦᠯᠬᠦ︾ ᠬᠡᠷᠡᠭᠵᠢᠭᠦᠯᠬᠦ ᠵᠠᠭᠪᠤᠷ ᠪᠣᠯᠤᠨ ︽ᠵᠢᠵᠢᠭ | ᠲᠠᠷᠢᠶ᠎ᠠ ᠶᠢ ᠲᠤᠮᠤ ᠲᠠᠷᠢᠶ᠎ᠠ ᠪᠣᠯᠭᠠᠬᠤ︾ ᠬᠡᠷᠡᠭᠵᠢᠭᠦᠯᠦᠯᠲᠡ ᠶᠢᠨ ᠪᠠᠶᠢᠳᠠᠯ ᠳᠤ ᠴᠢᠭᠯᠡᠭᠦᠯᠦᠨ ᠨᠠᠷᠢᠨ ᠣᠶᠢᠯᠠᠭᠠᠵᠤ᠂ | ᠡᠭᠦᠷᠭᠡᠯᠡᠬᠦ ᠪᠦᠳᠦᠭᠡᠨ ᠪᠠᠶᠢᠭᠤᠯᠤᠯᠲᠠ ᠶᠢᠨ ᠠᠵᠢᠯ ᠢ ᠨᠡᠩ ᠰᠠᠶᠢᠨ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠠᠢ᠃ | ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ | ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠲᠠᠷᠢᠶᠠᠯᠠᠩ ᠤᠨ | ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ | ᠬᠤᠪᠢ ᠨᠡᠮᠡᠷᠢ ᠦᠵᠡᠭᠦᠯᠬᠦ ᠪᠣᠯᠤᠨ᠎ᠠ᠃ |