ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ DeepSeek ᠬᠡᠷᠡᠭᠯᠡᠭᠡᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/3/18
    2025 ᠣᠨ ᠤ 3 ᠰᠠᠷ᠎ᠠ ᠶᠢᠨ 17 ᠤ ᠡᠳᠦᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ ︽DeepSeek ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ ᠶᠢᠨ ᠬᠡᠷᠡᠭᠯᠡᠭᠡᠨ ᠤ ᠰᠦᠪᠡᠭᠴᠢᠯᠡᠯᠲᠡ︾ ᠪᠠᠷ ᠭᠤᠤᠯ ᠰᠡᠳᠦᠪ ᠪᠣᠯᠭᠠᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠢᠵᠦ᠂ ᠠᠵᠢᠯᠲᠠᠳ ᠢ ᠵᠣᠬᠢᠶᠠᠨ ᠪᠠᠶᠢᠭᠤᠯᠤᠨ ᠭᠦᠨᠵᠡᠭᠡᠶ ᠰᠤᠷᠤᠯᠴᠠᠵᠤ ᠰᠣᠯᠢᠯᠴᠠᠬᠤ ᠪᠠ ᠲᠤᠷᠰᠢᠯᠭ᠎ᠠ ᠪᠠᠨ ᠬᠤᠪᠢᠶᠠᠯᠴᠠᠪᠠ᠃ ᠡᠭᠦᠨ ᠤ ᠬᠠᠮᠲᠤ᠂ ᠨᠡᠭᠡᠭᠡᠯᠲᠡ ᠶᠢᠨ ᠲᠣᠭᠤᠷᠢᠭ ᠲᠤ ᠲᠣᠰ ᠭᠠᠵᠠᠷ ᠤᠨ DeepSeek ᠶᠡᠭᠡ ᠬᠡᠯᠡᠨ ᠤ ᠵᠠᠭᠪᠤᠷ ᠢ ᠪᠠᠶᠢᠷᠢᠯᠠᠭᠤᠯᠬᠤ᠂ ᠨᠡᠭᠡᠭᠡᠯᠲᠡ ᠶᠢᠨ ᠲᠣᠭᠤᠷᠢᠭ ᠤᠨ ᠲᠣᠭᠠᠴᠢᠯᠠᠭᠰᠠᠨ ᠮᠡᠳᠡᠯᠭᠡ ᠶᠢᠨ ᠬᠥᠮᠥᠷᠭᠡ ᠶᠢ ᠪᠠᠶᠢᠭᠤᠯᠬᠤ ᠪᠠᠷ ᠳᠠᠮᠵᠢᠭᠤᠯᠤᠨ᠂ ᠪᠠᠷᠢᠮᠵᠢᠶᠠᠵᠢᠯᠲᠠ workflow ᠶᠢ ᠪᠣᠶ ᠪᠣᠯᠭᠠᠵᠤ᠂ AI ᠣᠶᠤᠨᠴᠢ agent ᠰᠢᠰᠲ᠋ᠧᠮ ᠢ ᠪᠠᠶᠢᠭᠤᠯᠬᠤ ᠶᠢᠨ ᠴᠢᠬᠤᠯᠠ ᠴᠢᠨᠠᠷ ᠪᠠ ᠪᠣᠯᠤᠮᠵᠢᠲᠤ ᠴᠢᠨᠠᠷ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠢᠳᠡᠪᠬᠢᠲᠡᠶ ᠰᠤᠳᠤᠯᠤᠨ ᠶᠠᠷᠢᠯᠴᠠᠪᠠ᠃    ᠬᠤᠷᠠᠯ ᠳᠡᠭᠡᠷ᠎ᠡ᠂ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤᠰᠬᠠᠶ ᠰᠡᠳᠦᠪᠲᠦ ᠲᠠᠶᠢᠯᠤᠮᠵᠢ ᠬᠢᠵᠦ᠂ DeepSeek  ᠤᠨ ᠴᠢᠳᠠᠮᠵᠢ ᠶᠢᠨ ᠣᠨᠴᠠᠯᠢᠭ᠂ ᠠᠵᠢᠯᠯᠠᠬᠤ ᠤᠷ᠎ᠠ ᠮᠡᠷᠭᠡᠵᠢᠯ ᠵᠢᠴᠢ ᠬᠡᠷᠡᠭᠯᠡᠭᠡᠨ ᠤ ᠠᠷᠭ᠎ᠠ ᠶᠢ ᠨᠠᠷᠢᠨ ᠲᠠᠨᠢᠯᠴᠠᠭᠤᠯᠪᠠ᠃ ᠳᠠᠷᠠᠭ᠎ᠠ ᠨᠢ᠂ ᠡᠯ᠎ᠡ ᠰᠠᠯᠠᠭ᠎ᠠ ᠲᠠᠰᠤᠭ ᠤᠨ ᠠᠵᠢᠯᠲᠠᠳ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠦᠢᠯᠡᠳᠦᠯᠭᠡ ᠲᠠᠢ ᠪᠠᠨ ᠤᠶᠠᠯᠳᠤᠭᠤᠯᠤᠨ᠂ ᠰᠠᠨᠠᠭᠤᠯᠤᠮᠵᠢ ᠦᠭᠡ ᠶᠢ ᠬᠡᠷᠬᠢᠨ ᠴᠢᠳᠠᠮᠠᠭᠠᠶ ᠪᠠᠷ ᠬᠡᠷᠡᠭᠯᠡᠬᠦ᠂ ᠠᠭᠤᠯᠭ᠎ᠠ ᠶᠢ ᠪᠣᠶ ᠪᠣᠯᠭᠠᠬᠤ ᠶᠢᠨ ᠣᠨᠣᠪᠴᠢᠲᠤ ᠴᠢᠨᠠᠷ ᠬᠢᠭᠡᠳ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠢᠴᠢ ᠨᠡᠭᠡᠭᠡᠯᠲᠡ ᠶᠢᠨ ᠣᠷᠣᠨ ᠤ ᠲᠣᠰ ᠭᠠᠵᠠᠷ ᠤᠨ DeepSeek ᠶᠡᠭᠡ ᠬᠡᠯᠡᠨ ᠤ ᠵᠠᠭᠪᠤᠷ ᠢ ᠪᠠᠶᠢᠷᠢᠯᠠᠭᠤᠯᠬᠤ ᠴᠢᠬᠤᠯᠠ ᠴᠢᠨᠠᠷ ᠪᠠ ᠪᠣᠯᠤᠮᠵᠢᠲᠤ ᠴᠢᠨᠠᠷ ᠵᠡᠷᠭᠡ ᠰᠢᠷᠢᠰ ᠠᠰᠠᠭᠤᠳᠠᠯ ᠤᠨ ᠲᠤᠬᠠᠶ ᠭᠦᠨᠵᠡᠭᠡᠶ ᠶᠠᠷᠢᠯᠴᠠᠨ ᠰᠣᠯᠢᠯᠴᠠᠵᠤ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠣᠷᠣᠨ ᠤ ᠪᠣᠳᠠᠲᠠᠶ ᠠᠵᠢᠯ ᠤᠨ ᠬᠡᠷᠡᠭᠴᠡᠭᠡ ᠳᠤ ᠨᠡᠶᠢᠴᠡᠬᠦ AI ᠬᠡᠷᠡᠭᠯᠡᠭᠡᠨ ᠤ ᠪᠠᠶᠢᠳᠠᠯ ᠢ ᠢᠳᠡᠪᠬᠢᠲᠡᠶ ᠬᠠᠶᠢᠨ ᠰᠦᠪᠡᠭᠴᠢᠯᠡᠪᠡ᠃    ᠬᠤᠷᠠᠯ ᠠᠴᠠ ᠮᠡᠳᠡᠭᠡ ᠵᠠᠩᠭᠢ ᠶᠢᠨ ᠰᠡᠷᠭᠡᠭ ᠴᠢᠨᠠᠷ ᠤᠨ ᠠᠰᠠᠭᠤᠳᠠᠯ ᠢ ᠣᠨᠴᠠᠭᠠᠶᠢᠯᠠᠨ ᠴᠢᠬᠤᠯᠠᠴᠢᠯᠠᠵᠤ᠂ AI ᠪᠠᠭᠠᠵᠢ ᠬᠡᠷᠡᠭᠯᠡᠬᠦ ᠳᠡᠭᠡᠨ ᠲᠣᠭᠲᠠᠭᠠᠯ ᠳᠤ ᠨᠡᠶᠢᠴᠡᠬᠦ᠂ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠬᠠᠮᠲᠤ ᠲᠤᠭ᠎ᠠ ᠪᠠᠷᠢᠮᠲᠠ ᠶᠢᠨ ᠨᠢᠭᠤᠴᠠ ᠶᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠳᠤ ᠣᠷᠣᠯᠴᠠᠭᠰᠠᠳ᠂ AI ᠮᠡᠷᠭᠡᠵᠢᠯ ᠢ ᠬᠡᠷᠡᠭᠯᠡᠬᠦ ᠳᠡᠭᠡᠨ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠲᠤᠭ᠎ᠠ ᠪᠠᠷᠢᠮᠲᠠ ᠶᠢ ᠬᠡᠷᠡᠭᠯᠡᠬᠦ ᠶᠠᠪᠤᠴᠠ ᠶᠢ ᠵᠢᠷᠤᠮᠵᠢᠭᠤᠯᠬᠤ ᠬᠡᠷᠡᠭᠲᠡᠶ᠃    ᠬᠤᠷᠠᠯ ᠠᠴᠠ ᠪᠠᠰᠠ AI ᠬᠠᠪᠰᠤᠷᠤᠨ ᠠᠵᠢᠯᠯᠠᠬᠤ ᠦᠢᠯᠡᠳᠦᠯᠬᠡ ᠶᠢᠨ ᠠᠷᠭ᠎ᠠ ᠶᠢᠨ ᠲᠤᠬᠠᠶ ᠶᠠᠷᠢᠯᠴᠠᠭ᠎ᠠ ᠥᠷᠨᠢᠭᠦᠯᠵᠦ᠂ ᠣᠶᠢᠷ᠎ᠠ ᠶᠢᠨ ᠬᠤᠭᠤᠴᠠᠭᠠᠨ ᠳᠤ ᠢᠯᠡᠷᠡᠭᠰᠡᠨ AI ᠮᠡᠬᠡᠯᠡᠯ ᠤᠨ ᠠᠷᠭ᠎ᠠ ᠪᠠᠷᠢᠯ ᠳᠤ ᠴᠢᠭᠯᠡᠭᠦᠯᠦᠨ ᠵᠠᠳᠠᠯᠤᠯᠲᠠ ᠬᠢᠵᠦ᠂ ᠮᠡᠬᠡᠯᠡᠯ ᠢ ᠡᠰᠡᠷᠭᠦᠴᠡᠬᠦ ᠪᠦᠲᠦᠮᠵᠢᠲᠡᠶ ᠠᠷᠭ᠎ᠠ ᠬᠡᠮᠵᠢᠶ᠎ᠡ ᠪᠠ ᠰᠡᠷᠭᠡᠶᠢᠯᠡᠬᠦ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂ ᠠᠵᠢᠯᠲᠠᠨ ᠤ ᠢᠯᠭᠠᠨ ᠲᠠᠨᠢᠬᠤ ᠪᠠ ᠰᠡᠷᠭᠡᠶᠢᠯᠡᠬᠦ ᠤᠬᠠᠮᠰᠠᠷ ᠪᠠ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃    ᠲᠣᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠨᠢ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ ᠶᠢᠨ DeepSeek ᠵᠡᠷᠭᠡ AI ᠮᠡᠷᠭᠡᠵᠢᠯ ᠤᠨ ᠲᠠᠨᠢᠯᠲᠠ ᠪᠠ ᠬᠡᠷᠡᠭᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ᠂ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠡᠭᠡᠭᠡᠯᠲᠡ ᠶᠢᠨ ᠲᠣᠭᠤᠷᠢᠭ ᠤᠨ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号