ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ 2025 ᠣᠨ ᠳᠤ ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠳᠤ ᠰᠠᠭᠠᠳ ᠥᠬᠡᠶ ᠥᠭᠡᠷᠡᠴᠢᠯᠡᠯᠲᠡ ᠬᠢᠵᠦ ᠡᠷᠦᠬᠡ ᠳᠤ ᠣᠷᠣᠬᠤ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/3/18
    2025 ᠣᠨ ᠳᠤ ᠬᠦᠴᠢᠷᠳᠡᠯᠲᠡᠶ ᠬᠦᠨᠳᠦ ᠳᠡᠰ ᠤᠨ ᠵᠡᠮᠳᠡᠭᠴᠦᠳ ᠤᠨ ᠬᠡᠷ ᠪᠦᠯᠢ ᠳᠤ ᠰᠠᠭᠠᠳ ᠥᠬᠡᠶ ᠥᠭᠡᠷᠡᠴᠢᠯᠡᠯᠲᠡ ᠬᠢᠬᠦ ᠠᠵᠢᠯ ᠢ ᠦᠨᠡᠨ ᠬᠦ ᠰᠠᠶᠢᠲᠤᠷ ᠬᠢᠵᠦ᠂ ᠵᠡᠮᠳᠡᠭᠴᠦᠳ ᠤᠨ ᠬᠡᠷ ᠤᠨ ᠬᠡᠷᠡᠭᠰᠡᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠵᠡᠮᠳᠡᠭᠴᠦᠳ ᠤᠨ ᠬᠡᠷ ᠪᠦᠯᠢ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 17 ᠤ ᠡᠳᠦᠷ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠺᠠᠳ᠋ᠷᠴᠤᠳ ᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠵᠡᠮᠳᠡᠭᠴᠦᠳ ᠤᠨ ᠬᠡᠷ ᠪᠦᠯᠢ ᠳᠤ ᠭᠦᠨᠵᠡᠭᠡᠶᠢᠷᠡᠨ ᠰᠠᠭᠠᠳ ᠥᠬᠡᠶ ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠪᠡ᠃    ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠺᠠᠳ᠋ᠷᠴᠤᠳ ᠬᠠᠷᠢᠶᠠᠲᠤ ᠣᠷᠣᠨ ᠳᠤ ᠭᠦᠨᠵᠡᠭᠡᠶᠢᠷᠡᠨ ᠵᠡᠮᠳᠡᠭᠴᠦᠳ ᠤᠨ ᠦᠨᠡᠮᠯᠡᠯ ᠲᠠᠢ ᠪᠥᠭᠡᠳ ᠵᠡᠮᠳᠡᠭ ᠤᠨ ᠳᠡᠰ ᠨᠢ ᠨᠢᠭᠡᠳᠦᠭᠡᠷ᠂ ᠬᠤᠶᠠᠳᠤᠭᠠᠷ ᠳᠡᠰ ᠤᠨ ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠳᠤ ᠬᠦᠷᠴᠦ ᠰᠤᠷᠪᠤᠯᠵᠢᠯᠠᠪᠠ᠃ ᠡᠷᠦᠬᠡ ᠪᠦᠷᠢ ᠳᠤ ᠬᠦᠷᠬᠦ ᠪᠦᠷᠢ᠂ ᠺᠠᠳ᠋ᠷᠴᠤᠳ ᠴᠥᠮ ᠵᠡᠮᠳᠡᠭᠴᠦᠳ ᠵᠢᠴᠢ ᠲᠡᠳᠡᠨ ᠤ ᠬᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ᠂ ᠡᠳᠦᠷ ᠲᠤᠲᠤᠮ ᠤᠨ ᠠᠮᠢᠳᠤᠷᠠᠯ ᠤᠨ ᠳᠠᠳᠬᠠᠯ᠂ ᠶᠠᠪᠤᠵᠤ ᠰᠠᠭᠤᠬᠤ ᠳᠤ ᠲᠥᠬᠦᠮ ᠦᠵᠡᠭᠦᠯᠬᠦ ᠬᠡᠮᠵᠢᠶ᠎ᠡ᠂ ᠵᠢᠴᠢ ᠬᠠᠷᠰᠢ ᠰᠠᠭᠠᠳ ᠥᠬᠡᠶ ᠥᠭᠡᠷᠡᠴᠢᠯᠡᠯᠲᠡ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠬᠦᠯᠢᠴᠡᠩᠭᠦᠶ ᠪᠠᠷ ᠯᠠᠪᠯᠠᠨ ᠠᠰᠠᠭᠤᠪᠠ᠃ ᠡᠭᠦᠨ ᠤ ᠬᠠᠮᠲᠤ᠂ ︽ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠶᠢᠨ ᠰᠠᠭᠠᠳ ᠥᠬᠡᠶ ᠪᠠᠶᠢᠬᠤ ᠥᠭᠡᠷᠡᠴᠢᠯᠡᠯᠲᠡ ᠶᠢᠨ ᠭᠠᠷᠴᠠᠭ ᠤᠨ ᠨᠠᠷᠢᠨ ᠲᠠᠩᠰᠠ︾ ᠶᠢ ᠦᠨᠳᠦᠰᠦᠯᠡᠨ᠂ ᠵᠡᠮᠳᠡᠭᠴᠦᠳ ᠤᠨ ᠬᠡᠷ ᠪᠦᠯᠢ ᠶᠢᠨ ᠣᠷᠣᠵᠤ ᠭᠠᠷᠬᠤ ᠡᠭᠦᠳᠡ᠂ ᠭᠠᠵᠠᠷ ᠳᠡᠭᠡᠷᠡᠬᠢ᠂ ᠠᠷᠢᠭᠤᠨ ᠴᠡᠪᠡᠷ ᠤᠨ ᠲᠠᠰᠤᠯᠭ᠎ᠠ᠂ ᠲᠣᠭᠤᠭᠠᠨ ᠬᠡᠷ᠂ ᠤᠨᠲᠠᠬᠤ ᠥᠷᠥᠭᠡ ᠵᠡᠷᠭᠡ ᠭᠤᠤᠯᠳᠠᠯᠭ᠎ᠠ ᠲᠠᠢ ᠠᠮᠢᠳᠤᠷᠠᠯ ᠤᠨ ᠣᠷᠣᠨ ᠪᠦᠰᠡ ᠳᠤ ᠠᠵᠢᠯᠯᠠᠭᠠᠨ ᠤ ᠬᠠᠷᠰᠢ ᠰᠠᠭᠠᠳ ᠣᠷᠣᠰᠢᠵᠤ ᠪᠠᠶᠢᠬᠤ ᠡᠰᠡᠬᠦ ᠶᠢ ᠨᠠᠷᠢᠨ ᠨᠢᠮᠪᠠᠶ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠬᠡᠮᠵᠢᠨ ᠦᠯᠡᠳᠡᠭᠡᠨ ᠬᠠᠳᠠᠭᠠᠯᠠᠬᠤ ᠶᠢᠨ ᠬᠠᠮᠲᠤ ᠡᠷᠦᠬᠡ ᠪᠦᠷᠢ ᠶᠢᠨ ᠵᠡᠮᠳᠡᠭᠴᠦᠳ ᠤᠨ ᠬᠡᠷ ᠪᠦᠯᠢ ᠳᠤ ᠲᠤᠰᠬᠠᠶ ᠲᠠᠩᠰᠠ ᠡᠪᠬᠡᠮᠡᠯ ᠪᠠᠶᠢᠭᠤᠯᠤᠨ ᠥᠭᠴᠦ᠂ ᠦᠷᠭᠦᠯᠵᠢᠯᠡᠨ ᠥᠪᠡᠷᠮᠢᠴᠡ ᠥᠭᠡᠷᠡᠴᠢᠯᠡᠯᠲᠡ ᠶᠢᠨ ᠲᠥᠰᠦᠯ ᠲᠣᠭᠲᠠᠭᠠᠬᠤ ᠳᠤ ᠲᠥᠬᠦᠮ ᠦᠵᠡᠭᠦᠯᠵᠦ᠂ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠦᠨᠡᠨ ᠬᠦ ᠪᠡᠶᠡᠯᠡᠭᠦᠯᠵᠦ᠂ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠵᠡᠮᠳᠡᠭᠴᠦᠳ ᠤᠨ ᠬᠡᠷ ᠪᠦᠯᠢ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ᠃    ᠲᠣᠰ ᠤᠳᠠᠭᠠᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠨᠢ ᠵᠡᠮᠳᠡᠭᠴᠦᠳ ᠤᠨ ᠬᠠᠮᠤᠭ ᠤᠨ ᠲᠤᠯᠭᠠᠮ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ ᠶᠤᠮ᠃ ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠡᠶ᠎ᠡ ᠶᠢ ᠨᠢ ᠬᠡᠮᠵᠢᠵᠦ ᠬᠤᠪᠴᠠᠰᠤ ᠡᠰᠬᠡᠬᠦ ᠬᠡᠯᠪᠡᠷᠢ ᠶᠢᠨ ᠬᠠᠷᠰᠢ ᠰᠠᠭᠠᠳ ᠦᠭᠡᠢ ︽ᠪᠠᠭ᠎ᠠ ᠥᠭᠡᠷᠡᠴᠢᠯᠡᠯᠲᠡ︾ ᠪᠠᠷ ᠳᠠᠮᠵᠢᠭᠤᠯᠤᠨ ᠣᠨᠴᠠᠭᠠᠢ ᠬᠠᠮᠲᠤᠯᠢᠭ ᠤᠨ ︽ᠶᠡᠭᠡ ᠵᠣᠯ ᠵᠢᠷᠭᠠᠯ︾ ᠢ ᠴᠢᠷᠮᠠᠶᠢᠨ ᠪᠡᠶᠡᠯᠡᠭᠦᠯᠵᠦ᠂ ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠦ᠂ ︽ᠬᠠᠷᠰᠢ ᠲᠠᠢ︾ ᠶᠢ ︽ᠬᠠᠶᠢᠷ᠎ᠠ ᠲᠠᠢ︾ ᠪᠣᠯᠭᠠᠨ᠎ᠠ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号