ᠠᠮᠤᠷ ᠲᠦᠪᠰᠢᠨ᠂ ᠰᠠᠨᠠᠭ᠎ᠠ ᠠᠮᠤᠷ᠂ ᠦᠨᠡᠨᠴᠢ ᠢᠲᠡᠭᠡᠮᠵᠢᠲᠡᠶ ᠬᠡᠷᠡᠭᠯᠡᠭᠡᠨ ᠤ ᠣᠷᠴᠢᠨ ᠲᠣᠭᠤᠷᠢᠨ ᠢ ᠪᠣᠶ | ᠪᠣᠯᠭᠠᠵᠤ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ | ᠨᠢᠭᠡ ᠠᠯᠬᠤᠮ ᠵᠢᠷᠤᠮᠵᠢᠭᠤᠯᠤᠨ᠂ ᠬᠤᠳᠠᠯᠳᠤᠭᠠᠨ ᠤ ᠳᠡᠯᠭᠡᠭᠦᠷ ᠤᠨ ᠡᠵᠡᠩᠨᠡᠭᠴᠢ ᠶᠢᠨ ᠦᠨᠡᠨᠴᠢ ᠢᠲᠡᠭᠡᠮᠵᠢ ᠶᠢᠨ | ᠤᠬᠠᠮᠰᠠᠷ ᠬᠢᠭᠡᠳ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ | ᠠᠷᠠᠳ ᠤᠨ ᠠᠮᠤᠷ ᠲᠦᠪᠰᠢᠨ ᠤ ᠲᠥᠷᠥᠭᠳᠡᠯ ᠬᠢᠭᠡᠳ ᠵᠣᠯ ᠵᠢᠷᠭᠠᠯ ᠤᠨ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠶᠢᠨ | ᠲᠥᠯᠦᠭᠡ᠂ ᠵᠢᠨᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠱᠠᠨ ᠱᠦᠢ ᠨᠡᠶᠢᠭᠡᠮ ᠲᠣᠭᠤᠷᠢᠭ ᠤᠨ ᠬᠢᠨ | ︽3 · 15︾ ᠶᠢᠨ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠲᠤ ᠰᠠᠭᠤᠷᠢᠯᠠᠨ᠂ | ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠭᠰᠡᠨ ᠪᠥᠭᠡᠳ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯ ᠢ ᠵᠡᠷᠭᠡ ᠪᠠᠷ ᠬᠢᠵᠦ᠂ ᠠᠮᠤᠷ | ᠲᠦᠪᠰᠢᠨ᠂ ᠡᠶ᠎ᠡ ᠵᠣᠬᠢᠴᠠᠯ ᠲᠠᠢ᠂ ᠦᠨᠡᠨᠴᠢ ᠢᠲᠡᠭᠡᠮᠵᠢᠲᠡᠶ ᠨᠡᠶᠢᠭᠡᠮ ᠲᠣᠭᠤᠷᠢᠭ ᠤᠨ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃ | ᠠᠵᠢᠯᠯᠠᠭ᠎ᠠ ᠶᠢᠨ ᠶᠠᠪᠤᠴᠠ ᠳᠤ᠂ ᠠᠵᠢᠯᠲᠠᠳ ᠨᠡᠶᠢᠭᠡᠮ ᠲᠣᠭᠤᠷᠢᠭ ᠤᠨ ᠡᠷᠬᠢᠨ ᠲᠣᠭᠤᠷᠢᠨ ᠤ ᠬᠤᠳᠠᠯᠳᠤᠭᠠᠨ ᠤ | ᠡᠷᠦᠬᠡ ᠳᠤ ᠭᠦᠨᠵᠡᠭᠡᠶᠢᠷᠡᠨ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠦᠨᠡᠨᠴᠢ ᠢᠲᠡᠭᠡᠮᠵᠢᠲᠡᠶ | ᠡᠵᠡᠩᠨᠡᠯᠲᠡ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠬᠤᠳᠠᠯᠳᠤᠭᠠᠴᠢᠳ ᠲᠤ ᠦᠨᠡᠨᠴᠢ ᠢᠲᠡᠭᠡᠮᠵᠢᠲᠡᠶ | ᠡᠵᠡᠩᠨᠡᠯᠲᠡ ᠶᠢᠨ ᠴᠢᠬᠤᠯᠠ ᠴᠢᠨᠠᠷ ᠢ ᠲᠦᠭᠡᠮᠡᠯᠵᠢᠭᠦᠯᠵᠦ᠂ ᠲᠡᠳᠡᠨ ᠤ ᠤᠬᠠᠮᠰᠠᠷ ᠠᠴᠠ ᠪᠠᠨ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠷᠤᠮᠯᠠᠵᠤ᠂ ᠦᠨᠡᠨᠴᠢ ᠢᠲᠡᠭᠡᠮᠵᠢᠲᠡᠶ ᠵᠣᠴᠢᠳ ᠢ ᠵᠣᠴᠢᠵᠤ᠂ ᠪᠣᠯᠪᠠᠰᠤᠨ ᠢᠶᠠᠷ ᠬᠤᠳᠠᠯᠳᠤᠭ᠎ᠠ | ᠡᠷᠭᠢᠯᠡᠬᠦ ᠶᠢ ᠵᠣᠷᠢᠭᠵᠢᠭᠤᠯᠪᠠ᠃ ᠠᠵᠢᠯᠲᠠᠳ ᠬᠤᠳᠠᠯᠳᠤᠭᠠᠴᠢᠨ ᠡᠷᠦᠬᠡ ᠳᠤ ᠦᠨᠡᠨᠴᠢ ᠢᠲᠡᠭᠡᠮᠵᠢᠲᠡᠶ | ᠡᠵᠡᠩᠨᠡᠯᠲᠡ ᠶᠢᠨ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠭᠰᠠᠨ ᠪᠥᠭᠡᠳ ᠢᠳᠡᠭᠡᠨ᠂ ᠢᠳᠡᠭᠡᠨ ᠤᠮᠳᠠᠭᠠᠨ ᠤ | ᠲᠥᠷᠥᠯ ᠤᠨ ᠬᠤᠳᠠᠯᠳᠤᠭᠠᠨ ᠤ ᠳᠡᠯᠭᠡᠭᠦᠷ ᠲᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ | ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ | ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠪᠠ︔ ᠨᠥᠭᠦᠭᠡ ᠲᠠᠯ᠎ᠠ ᠪᠠᠷ᠂ ᠠᠮᠤᠷ | ᠲᠦᠪᠰᠢᠨ ᠤ ᠵᠢᠭᠰᠠᠭᠠᠨ ᠪᠠᠶᠢᠴᠠᠭᠠᠬᠤ ᠳᠤᠭᠤᠶᠢᠯᠠᠩ ᠨᠢ ᠬᠤᠳᠠᠯᠳᠤᠭᠠᠨ ᠤ ᠳᠡᠯᠭᠡᠭᠦᠷ ᠤᠨ ᠭᠠᠯ ᠤᠨᠲᠠᠷᠠᠭᠠᠬᠤ | ᠪᠡᠯᠡᠳᠬᠡᠮᠵᠢ ᠶᠢ ᠳᠣᠭᠢᠷᠠᠭᠤᠯᠬᠤ᠂ ᠴᠠᠬᠢᠯᠭᠠᠨ ᠱᠤᠭᠤᠮ ᠤᠨ ᠠᠮᠤᠷ ᠲᠦᠪᠰᠢᠨ᠂ ᠰᠢᠲᠠᠮᠠᠬᠠᠶ ᠬᠡᠢ ᠶᠢ ᠬᠡᠷᠡᠭᠯᠡᠵᠦ | ᠪᠠᠶᠢᠭ᠎ᠠ ᠪᠠᠶᠢᠳᠠᠯ ᠵᠡᠷᠭᠡ ᠳᠤ ᠪᠥᠬᠦ ᠲᠠᠯ᠎ᠠ ᠪᠠᠷ ᠨᠠᠷᠢᠨ ᠪᠠᠶᠢᠴᠠᠭᠠᠯᠲᠠ ᠬᠢᠪᠠ᠃ ᠣᠯᠵᠤ ᠮᠡᠳᠡᠭᠰᠡᠨ ᠠᠮᠤᠷ | ᠲᠦᠪᠰᠢᠨ ᠤ ᠬᠡᠮ ᠰᠣᠭᠤᠭ ᠲᠤ ᠲᠤᠬᠠᠶ ᠶᠢᠨ ᠲᠠᠯᠠᠪᠤᠷ ᠲᠤᠨᠢ ᠲᠡᠮᠳᠡᠭᠯᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ | ᠮᠡᠳᠡᠭᠳᠡᠯ ᠤᠨ ᠪᠢᠴᠢᠭ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠬᠢᠭᠡᠳ ᠬᠤᠭᠤᠴᠠᠭ᠎ᠠ ᠬᠢᠵᠠᠭᠠᠷ ᠢ | ᠲᠣᠳᠣᠷᠬᠠᠶᠢᠯᠠᠨ᠂ ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠵᠤ᠂ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 82 ᠬᠤᠳᠠᠯᠳᠤᠭᠠᠨ ᠤ ᠫᠦᠰᠡ ᠶᠢ ᠰᠤᠷᠪᠤᠯᠵᠢᠯᠠᠵᠤ᠂ 100 | ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠱᠠᠨ ᠱᠦᠢ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠤᠳᠠᠯᠳᠤᠭᠠᠨ ᠤ | ᠡᠷᠦᠬᠡ ᠶᠢᠨ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠣᠶᠢᠯᠠᠭᠠᠭᠳᠠᠬᠤᠨ ᠢ ᠨᠡᠮᠡᠭᠳᠡᠭᠦᠯᠪᠡ᠃ ᠵᠠᠯᠭᠠᠭᠠᠳ᠂ ᠱᠠᠨ | ᠱᠦᠢ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ | ᠳᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠬᠦ ᠶᠢᠨ ᠬᠠᠮᠲᠤ | ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ | ᠴᠠᠭᠠᠵᠠ ᠶᠢᠨ ᠯᠠᠪᠯᠠᠭ᠎ᠠ᠂ ᠭᠤᠤᠯ ᠰᠡᠳᠦᠪᠲᠦ ᠤᠬᠠᠭᠤᠯᠭ᠎ᠠ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ | ᠦᠷᠭᠦᠯᠵᠢᠯᠡᠭᠦᠯᠵᠦ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠠᠩ ᠠᠮᠤᠷ ᠲᠦᠪᠰᠢᠨ᠂ ᠰᠠᠨᠠᠭ᠎ᠠ ᠠᠮᠤᠷ᠂ | ᠡᠶ᠎ᠡ ᠵᠣᠬᠢᠴᠠᠯ ᠲᠠᠢ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ | ᠲᠥᠷᠥᠭᠳᠡᠯ ᠢ ᠬᠡᠷ ᠤᠨ ᠡᠭᠦᠳᠡᠨ ᠳᠤᠨᠢ ᠲᠠᠰᠤᠷᠠᠯᠲᠠ ᠥᠬᠡᠶ ᠲᠠᠰ ᠳᠡᠪᠰᠢᠭᠦᠯᠦᠨ᠎ᠡ᠃ |