ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ︽ᠪᠣᠬᠢᠷᠲᠤᠯ ᠦᠭᠡᠢ ᠨᠡᠭᠡᠭᠡᠯᠲᠡ ᠶᠢᠨ ᠣᠷᠣᠨ ᠢ ᠬᠠᠮᠲᠤ ᠪᠠᠷ ᠪᠠᠶᠢᠭᠤᠯᠬᠤ︾ ᠪᠥᠬᠦ ᠠᠷᠠᠳ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/19
    ᠠᠮᠢ ᠠᠬᠤᠢ ᠶᠢᠨ ᠪᠣᠯᠪᠠᠰᠤᠨ ᠤ ᠤᠶᠢᠯᠠᠭᠠᠭᠳᠠᠬᠤᠨ ᠢ ᠦᠢᠯᠡᠳᠦᠯᠭᠡᠵᠢᠭᠦᠯᠵᠦ ᠪᠣᠬᠢᠷᠲᠤᠯ ᠥᠬᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ 2025 ᠣᠨ ᠤ 3 ᠰᠠᠷ᠎ᠠ ᠶᠢᠨ 18 ᠤ ᠡᠳᠦᠷ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳ᠋ᠦᠩ ᠳ᠋ᠠ ᠵᠢᠵᠢᠭ ᠪᠠᠯᠭᠠᠰᠤᠨ ᠤ ᠵᠡᠭᠦᠨ ᠲᠠᠯ᠎ᠠ ᠳᠤ ︽ᠪᠣᠬᠢᠷᠲᠤᠯ ᠦᠭᠡᠢ ᠨᠡᠭᠡᠭᠡᠯᠲᠡ ᠶᠢᠨ ᠲᠣᠭᠤᠷᠢᠭ ᠢ ᠬᠠᠮᠲᠤ ᠪᠠᠷ ᠪᠠᠶᠢᠭᠤᠯᠬᠤ︾ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠡᠭᠡᠭᠡᠯᠲᠡ ᠶᠢᠨ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠺᠣᠮᠫᠠᠨᠢ ᠶᠢᠨ ᠪᠥᠬᠦ ᠺᠠᠳ᠋ᠷ ᠠᠵᠢᠯᠲᠠᠨ ᠠᠵᠢᠯᠴᠢᠨ ᠢᠳᠡᠪᠬᠢᠲᠡᠶ ᠣᠷᠣᠯᠴᠠᠵᠤ᠂ ᠵᠠᠷᠢᠮ ᠨᠢ ᠬᠦᠷᠵᠡ ᠬᠤᠷᠦ᠋ᠢᠯᠠᠵᠤ ᠰᠢᠷᠣᠶ ᠬᠤᠰᠤᠵᠤ᠂ ᠵᠠᠷᠢᠮ ᠨᠢ ᠴᠢᠬᠢ ᠰᠠᠭᠤᠯᠭᠠᠨ ᠰᠢᠷᠣᠶ ᠨᠡᠮᠡᠵᠦ᠂ ᠪᠠᠰᠠ ᠤᠰᠤ ᠲᠠᠲᠠᠵᠤ ᠤᠰᠤᠯᠠᠵᠤ ᠪᠠᠶᠢᠨ᠎ᠠ ᠁ ᠺᠠᠳ᠋ᠷ ᠠᠵᠢᠯᠲᠠᠳ ᠨᠢᠭᠡ ᠨᠢᠭᠡ ᠪᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ ᠲᠣᠰ ᠤᠳᠠᠭᠠᠨ ᠤ ᠠᠵᠢᠯᠯᠠᠭ᠎ᠠ ᠳᠤ ᠬᠡᠭᠡᠷ᠎ᠡ ᠶᠢᠨ ᠲᠤᠭᠤᠷ᠂ ᠬᠡᠭᠡᠷ᠎ᠡ ᠶᠢᠨ ᠭᠦᠢᠯᠡᠰᠦ ᠵᠡᠷᠭᠡ 300 ᠭᠠᠷᠤᠶ ᠵᠤᠯᠵᠠᠭ᠎ᠠ ᠮᠣᠳᠣ ᠶᠢ ᠳᠠᠷᠢᠵᠤ᠂ ᠨᠣᠭᠤᠭᠠᠷᠠᠭᠤᠯᠤᠯᠲᠠ ᠶᠢᠨ ᠲᠠᠯᠠᠪᠠᠶ ᠶᠢ 5 ᠮᠥ ᠰᠢᠨ᠎ᠡ ᠪᠠᠷ ᠨᠡᠮᠡᠭᠳᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠭᠡᠭᠡᠯᠲᠡ ᠶᠢᠨ ᠲᠣᠭᠤᠷᠢᠭ ᠤᠨ ᠠᠮᠢ ᠠᠬᠤᠶ ᠶᠢᠨ ᠵᠢᠷᠤᠭ ᠲᠤ ᠥᠩᠭᠡ ᠨᠡᠮᠡᠷᠢᠯᠡᠪᠡ᠃    ᠮᠣᠳᠣ ᠲᠠᠷᠢᠵᠤ ᠣᠶᠢᠵᠢᠭᠤᠯᠬᠤ ᠨᠢ ᠣᠳᠣ ᠣᠢᠶ᠎ᠠ ᠳᠤ ᠭᠠᠪᠢᠶ᠎ᠠ᠃ ᠳᠠᠷᠠᠭᠠᠴᠢ ᠶᠢᠨ ᠠᠯᠬᠤᠮ ᠳᠤ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠠᠭᠤᠯᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠦᠨ᠎ᠡ᠃ ᠠᠵᠤ ᠠᠬᠤᠶᠢᠯᠠᠯ᠂ ᠣᠯᠠᠨ ᠲᠦᠮᠡᠨ ᠢ ᠢᠳᠡᠪᠬᠢᠲᠡᠶ ᠵᠣᠬᠢᠶᠠᠨ ᠪᠠᠶᠢᠭᠤᠯᠤᠨ ᠳᠠᠶᠢᠴᠢᠯᠠᠵᠤ᠂ ᠠᠮᠢ ᠠᠬᠤᠶ ᠶᠢ ᠬᠠᠮᠠᠭᠠᠯᠠᠬᠤ᠂ ᠭᠡᠷ ᠣᠷᠣᠨ ᠢᠶᠠᠨ ᠭᠤᠶᠤᠵᠢᠭᠤᠯᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠨ᠂ ᠪᠣᠬᠢᠷᠲᠤᠯ ᠦᠭᠡᠶ ᠠᠵᠤ ᠠᠬᠤᠶᠢᠯᠠᠯ ᠢ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠢᠯᠡ ᠲᠣᠳᠣ ᠰᠠᠭᠤᠷᠢ ᠥᠩᠭᠡ ᠪᠣᠯᠭᠠᠨ᠎ᠠ᠃
 
ᠢᠷᠡᠯᠲᠡ᠄ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号