ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠲᠠᠪᠤᠨ | ᠨᠠᠷᠢᠨ ᠲᠠᠩᠰᠠ︾ ᠶᠢ ᠨᠡᠶᠢᠲᠡᠯᠡᠵᠦ᠂ ᠠᠵᠢᠯ ᠣᠯᠵᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠨᠠᠷᠢᠨ | ᠲᠠᠶᠢᠯᠪᠤᠷᠢᠯᠠᠵᠤ᠂ ᠦᠢᠯᠡᠴᠢᠯᠡᠭᠡ ᠪᠠ ᠭᠠᠷᠲᠠᠨ ᠭᠦᠢᠴᠡᠳᠭᠡᠬᠦ ᠶᠠᠪᠤᠴᠠ ᠶᠢ ᠲᠣᠳᠣᠷᠬᠠᠶᠢᠯᠠᠵᠤ᠂ ᠬᠥᠮᠦᠨ ᠪᠠ | ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠪᠡ᠃ | ᠨᠢᠭᠡ ᠳᠤ᠂ ︽ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ | ᠶᠢ ᠨᠠᠶᠢᠷᠠᠭᠤᠯᠤᠨ ᠨᠡᠶᠢᠲᠡᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠬᠠᠮᠤᠷᠴᠤ᠂ ᠸᠢᠴᠠᠲ ᠤᠨ ᠨᠡᠶᠢᠲᠡ ᠶᠢᠨ ᠳ᠋ᠤᠭᠠᠷ ᠢ ᠨᠡᠶᠢᠲᠡᠯᠡᠬᠦ᠂ ᠠᠵᠤ ᠠᠬᠤᠶᠢᠯᠠᠯ᠂ | ᠨᠡᠶᠢᠭᠡᠮ ᠲᠣᠭᠤᠷᠢᠭ ᠲᠤ ᠬᠦᠷᠴᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ | ᠣᠯᠠᠨ ᠲᠠᠰ ᠳᠠᠪᠬᠤᠷᠭ᠎ᠠ ᠪᠠᠷ ᠨᠠᠷᠢᠯᠢᠭ ᠣᠨᠣᠴᠠᠲᠠᠶ ᠪᠠᠷ ᠬᠦᠷᠭᠡᠬᠦ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠪᠠ︔ ᠬᠤᠶᠠᠷ ᠲᠤ᠂ ︽ᠠᠵᠢᠯ ᠣᠯᠭᠤᠯᠲᠠ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠨᠠᠷᠢᠨ ᠲᠠᠩᠰᠠ︾ ᠶᠢ ᠲᠣᠭᠲᠠᠭᠠᠨ ᠨᠡᠶᠢᠲᠡᠯᠡᠵᠦ᠂ ᠪᠥᠬᠦ ᠬᠤᠰᠢᠭᠤᠨ ᠤ | 14 ᠭᠠᠷᠲᠠᠨ ᠭᠦᠢᠴᠡᠳᠬᠡᠬᠦ ᠪᠠᠶᠢᠭᠤᠯᠤᠮᠵᠢ ᠶᠢ ᠬᠠᠮᠤᠷᠴᠤ᠂ ᠣᠯᠠᠨ ᠲᠦᠮᠡᠨ ᠳᠤ ᠥᠨᠳᠥᠷ ᠪᠦᠲᠦᠮᠵᠢᠲᠡᠶ᠂ | ᠳᠥᠭᠦᠮ ᠳᠥᠲᠡ ᠪᠥᠬᠦ ᠲᠠᠯ᠎ᠠ ᠶᠢᠨ ᠦᠢᠯᠡᠴᠢᠯᠡᠭᠡᠨ ᠤ ᠵᠢᠯᠣᠭᠤᠳᠣᠯᠭ᠎ᠠ ᠬᠠᠩᠭᠠᠪᠠ︔ ᠭᠤᠷᠪᠠ ᠳᠤ᠂ | ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠬᠦᠷᠭᠡᠵᠦ ︽ᠨᠢᠭᠡ ᠳᠤ ᠨᠢᠭᠡ ᠶᠢ ᠬᠠᠷᠭᠤᠭᠤᠯᠬᠤ︾ ᠦᠢᠯᠡᠴᠢᠯᠡᠭᠡ | ᠬᠢᠯᠭᠡᠵᠦ᠂ ᠬᠥᠳᠡᠯᠮᠦᠷᠢ ᠬᠦᠴᠦᠨ ᠤ ᠠᠵᠢᠯ ᠤᠯᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠣᠶᠢᠷ᠎ᠠ | ᠬᠠᠪᠢ ᠳᠠᠭᠠᠨ ᠲᠤᠬᠠᠶ ᠶᠢᠨ ᠭᠠᠵᠠᠷ ᠲᠤᠨᠢ ᠠᠵᠢᠯ ᠤᠯᠬᠤ ᠶᠢ ᠠᠬᠢᠭᠤᠯᠪᠠ︔ ᠲᠦᠷᠪᠡ ᠳᠤ᠂ 52 ᠠᠵᠤ | ᠠᠬᠤᠶᠢᠯᠠᠯ ᠤᠨ 1100 ᠠᠵᠢᠯ ᠤᠨ ᠪᠠᠶᠢᠷᠢ ᠶᠢᠨ ᠨᠠᠷᠢᠨ ᠲᠠᠩᠰᠠ᠂ 179 ᠬᠥᠮᠦᠨ ᠤ ᠠᠵᠢᠯ ᠤᠨ ᠪᠠᠶᠢᠷᠢ ᠶᠢᠨ | ᠨᠠᠷᠢᠨ ᠲᠠᠩᠰᠠ᠂ 179 ᠬᠥᠮᠦᠨ ᠤ ᠠᠵᠢᠯ ᠤᠨ ᠪᠠᠶᠢᠷᠢ ᠶᠢᠨ ᠨᠠᠷᠢᠨ ᠲᠠᠩᠰᠠ ᠶᠢ ᠴᠤᠭᠯᠠᠭᠤᠯᠤᠨ ᠨᠡᠶᠢᠲᠡᠯᠡᠵᠦ᠂ | ᠠᠵᠤ ᠠᠬᠤᠶᠢᠯᠠᠯ ᠪᠠ ᠬᠥᠳᠡᠯᠮᠦᠷᠢᠴᠢᠳ ᠲᠤ ᠥᠨᠳᠥᠷ ᠪᠦᠲᠦᠮᠵᠢᠲᠡᠶ ᠨᠠᠷᠢᠯᠢᠭ ᠣᠨᠣᠴᠠᠲᠠᠶ ᠠᠵᠢᠯ ᠡᠷᠢᠬᠦ ᠪᠠ | ᠠᠵᠢᠯᠲᠠᠨ ᠡᠯᠰᠡᠬᠦ ᠶᠢ ᠵᠣᠯᠭᠠᠭᠤᠯᠬᠤ ᠲᠠᠪᠴᠠᠩ ᠢ ᠪᠠᠶᠢᠭᠤᠯᠤᠨ ᠨᠡᠶᠢᠲᠡᠯᠡᠵᠦ᠂ ᠠᠵᠤ ᠠᠬᠤᠶᠢᠯᠠᠯ ᠤᠨ ︽ᠠᠵᠢᠯᠴᠢᠨ | ᠬᠡᠷᠡᠭᠯᠡᠬᠦ ᠳᠤ ᠬᠦᠴᠢᠷ︾ ᠪᠠ ᠠᠵᠢᠯ ᠡᠷᠢᠭᠰᠡᠳ ᠤᠨ ︽ᠠᠵᠢᠯ ᠣᠯᠬᠤ ᠳᠤ ᠬᠦᠴᠢᠷ︾ ᠪᠠᠶᠢᠬᠤ ᠳᠠᠪᠬᠤᠷ | ᠬᠦᠴᠢᠷᠳᠡᠯ ᠢ ᠰᠢᠢᠳᠪᠦᠷᠢᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠨᠠᠷᠢᠯᠢᠭ | ᠣᠨᠣᠴᠠᠲᠠᠶ ᠪᠠᠷ ᠵᠣᠬᠢᠴᠠᠭᠤᠯᠬᠤ ᠶᠢ ᠪᠦᠲᠦᠮᠵᠢᠲᠡᠶ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ︽ᠲᠠᠪᠤᠨ ᠨᠠᠷᠢᠨ ᠲᠠᠩᠰᠠ︾ ᠶᠢ ᠬᠥᠳᠡᠯᠦᠩᠭᠦᠶ ᠪᠠᠷ ᠰᠢᠨᠡᠳᠬᠡᠵᠦ᠂ ᠬᠠᠨᠳᠤᠯᠭᠠᠲᠤ | ᠴᠢᠨᠠᠷᠲᠠᠶ ᠪᠠᠷ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠬᠥᠮᠦᠨ ᠤ ᠠᠵᠢᠯ ᠤᠨ ᠪᠠᠶᠢᠷᠢ ᠶᠢᠨ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠡᠯ᠎ᠡ ᠲᠥᠷᠥᠯ ᠤᠨ ᠠᠵᠢᠯ ᠣᠯᠵᠤ | ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠮᠡᠳᠡᠪᠡᠯ ᠵᠣᠬᠢᠬᠤ ᠶᠢ ᠨᠢ ᠪᠦᠬᠦᠨ ᠢ | ᠮᠡᠳᠡᠵᠦ᠂ ᠡᠳ᠋ᠯᠡᠪᠡᠯ ᠵᠣᠬᠢᠬᠤ ᠶᠢ ᠨᠢ ᠪᠦᠬᠦᠨ ᠢ ᠡᠳ᠋ᠯᠡᠬᠦ ᠶᠢ ᠠᠬᠢᠭᠤᠯᠤᠨ᠎ᠠ᠃ |