ᠱᠠᠩᠳᠠ ᠪᠠᠯᠭᠠᠰᠤ 2025 ᠣᠨ ᠤ ᠭᠤᠷᠪᠠᠳᠤᠭᠠᠷ ᠰᠠᠷ᠎ᠠ ᠶᠢᠨ ︽ᠠᠷᠪᠠᠨ ᠲᠥᠷᠥᠯ ᠤᠨ ᠭᠤᠤᠯᠳᠠᠯᠭ᠎ᠠ ᠲᠠᠢ ᠬᠥᠮᠦᠰ︾ ᠢ ᠤᠶᠢᠯᠠᠭᠠᠨ ᠪᠠᠶᠢᠴᠠᠭᠠᠵᠤ ᠢᠯᠭᠠᠨ ᠲᠠᠨᠢᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/20
    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠢᠭᠡᠳᠦᠭᠡᠷ ᠤᠯᠠᠷᠢᠯ ᠤᠨ ︽ᠠᠷᠪᠠᠨ ᠲᠥᠷᠥᠯ ᠤᠨ ᠭᠤᠤᠯᠳᠠᠯᠭ᠎ᠠ ᠲᠠᠢ ᠬᠥᠮᠦᠰ︾ ᠤᠨ ᠪᠠᠶᠢᠳᠠᠯ ᠢ ᠤᠶᠢᠯᠠᠭᠠᠨ ᠪᠠᠶᠢᠴᠠᠭᠠᠵᠤ ᠢᠯᠭᠠᠨ ᠲᠠᠨᠢᠬᠤ ᠠᠵᠢᠯ ᠢ ᠥᠨᠳᠥᠷ ᠪᠦᠲᠦᠮᠵᠢᠲᠡᠶ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 19 ᠤ ᠡᠳᠦᠷ᠂ ᠱᠠᠩᠳᠠ ᠪᠠᠯᠭᠠᠰᠤ 2025 ᠣᠨ ᠤ 3 ᠰᠠᠷ᠎ᠠ ᠶᠢᠨ ︽ᠠᠷᠪᠠᠨ ᠲᠥᠷᠥᠯ ᠤᠨ ᠭᠤᠤᠯᠳᠠᠯᠭ᠎ᠠ ᠲᠠᠢ ᠬᠥᠮᠦᠰ︾ ᠤᠨ ᠪᠠᠶᠢᠳᠠᠯ ᠢ ᠤᠶᠢᠯᠠᠭᠠᠨ ᠪᠠᠶᠢᠴᠠᠭᠠᠵᠤ ᠢᠯᠭᠠᠨ ᠲᠠᠨᠢᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠴᠠᠩ ᠰᠢ ᠵᠢᠶᠦ᠋ᠨ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ ᠬᠤᠤ ᠢᠦᠶ ᠹᠸᠢ ᠬᠠᠮᠢᠶ᠎ᠠ ᠪᠥᠬᠦᠶ ᠠᠵᠢᠯ ᠤᠨ ᠲᠤᠬᠠᠶ ᠲᠣᠬᠢᠷᠠᠭᠤᠯᠤᠯᠲᠠ ᠬᠢᠵᠦ᠂ ᠡᠯ᠎ᠡ ᠲᠣᠰᠬᠤᠨ ᠤ ᠰᠦᠯᠵᠢᠶᠡᠨ ᠤ ᠠᠵᠢᠯᠲᠠᠨ ᠬᠤᠷᠠᠯ ᠳᠤ ᠣᠷᠣᠯᠴᠠᠵᠠᠶ᠃    ᠬᠤᠷᠠᠯ ᠠᠴᠠ ︽ᠠᠷᠪᠠᠨ ᠲᠥᠷᠥᠯ ᠤᠨ ᠭᠤᠤᠯᠳᠠᠯᠭ᠎ᠠ ᠲᠠᠢ ᠬᠥᠮᠦᠰ︾ ᠤᠨ ᠪᠣᠳᠠᠲᠠᠶ ᠬᠡᠪᠴᠢᠶ᠎ᠡ ᠪᠠ ᠤᠶᠢᠯᠠᠭᠠᠨ ᠵᠢᠭᠰᠠᠭᠠᠬᠤ ᠪᠠᠷᠢᠮᠵᠢᠶ᠎ᠠ ᠶᠢ ᠨᠠᠷᠢᠨ ᠲᠠᠶᠢᠯᠪᠤᠷᠢᠯᠠᠵᠤ᠂ ᠤᠶᠢᠯᠠᠭᠠᠨ ᠵᠢᠭᠰᠠᠭᠠᠬᠤ ᠠᠵᠢᠯ ᠤᠨ ᠴᠠᠭ ᠬᠤᠭᠤᠴᠠᠭ᠎ᠠ᠂ ᠠᠵᠢᠯ ᠤᠨ ᠶᠠᠪᠤᠴᠠ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠣᠳᠣᠷᠬᠠᠶ ᠲᠠᠶᠢᠯᠪᠤᠷᠢᠯᠠᠪᠠ᠃ ᠬᠤᠷᠠᠯ ᠠᠴᠠ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠪᠠᠶᠢᠴᠠᠭᠠᠨ ᠵᠢᠭᠰᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠭᠤᠤᠯᠳᠠᠯᠭ᠎ᠠ ᠲᠠᠢ ᠬᠥᠮᠦᠰ ᠤᠨ ᠴᠠᠭ ᠲᠤᠬᠠᠶ ᠳᠤᠨᠢ ᠪᠦᠲᠦᠮᠵᠢᠲᠡᠶ ᠬᠠᠪᠰᠤᠷᠤᠨ ᠲᠡᠳᠬᠦᠬᠦ ᠶᠢ ᠦᠨᠡᠨᠬᠦ ᠪᠠᠲᠤᠯᠠᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠲᠥᠷᠥᠯ ᠤᠨ ᠭᠤᠤᠯᠳᠠᠯᠭ᠎ᠠ ᠲᠠᠢ ᠬᠥᠮᠦᠰ︾ ᠢ ᠤᠶᠢᠯᠠᠭᠠᠨ ᠪᠠᠶᠢᠴᠠᠭᠠᠵᠤ ᠢᠯᠭᠠᠨ ᠲᠠᠨᠢᠬᠤ ᠠᠵᠢᠯ ᠪᠣᠯ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠲᠣᠰᠬᠤᠨ ᠤ ᠬᠢᠨ ᠭᠤᠣᠯᠳᠠᠯᠭ᠎ᠠ ᠲᠠᠢ ᠬᠥᠮᠥᠰ ᠤᠨ ᠬᠥᠳᠡᠯᠦᠩᠭᠦᠢ ᠬᠤᠪᠢᠷᠠᠯᠲᠠ ᠶᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠠᠵᠢᠯ ᠤᠨ ᠠᠷᠭ᠎ᠠ ᠶᠢ ᠴᠢᠬᠤᠯᠠᠴᠢᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠠᠶᠢᠳᠠᠯ ᠢ ᠣᠶᠢᠯᠠᠭᠠᠬᠤ ᠲᠤᠭ᠎ᠠ ᠪᠠᠷᠢᠮᠲᠠ ᠶᠢᠨ ᠦᠨᠡᠨ ᠪᠣᠳᠠᠲᠠᠢ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠱᠠᠩᠳᠠ ᠪᠠᠯᠭᠠᠰᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号