2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ | ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠶᠢᠨ ᠲᠥᠯᠥᠭᠡ᠂ 3 ᠰᠠᠷ᠎ᠠ ᠶᠢᠨ 19 ᠤ ᠡᠳᠦᠷ᠂ ᠬᠤᠰᠢᠭᠤᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠨᠡᠶᠢᠭᠡᠮᠯᠢᠭ ᠲᠤ ᠰᠢᠨ᠎ᠡ ᠪᠠᠷ ᠤᠷᠤᠭᠰᠠᠨ ᠪᠦᠯᠬᠦᠮ ᠨᠢᠭᠡᠴᠢ ᠶᠢᠨ ᠭᠡᠰᠢᠭᠦᠨ ᠲᠦᠮᠡᠳ | ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠯᠢᠭ ᠲᠤ ᠬᠦᠷᠴᠦ ᠪᠠᠶᠢᠴᠠᠭᠠᠨ ᠰᠤᠳᠤᠯᠬᠤ | ᠠᠵᠢᠯᠯᠠᠭ᠎ᠠ ᠥᠷᠨᠢᠭᠦᠯᠪᠡ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠤᠷᠢᠳ | ᠬᠤᠵᠢᠳ ᠲᠦᠮᠡᠳ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠯᠢᠭ ᠪᠣᠯᠤᠨ ᠲᠦᠮᠡᠳ ᠵᠡᠭᠦᠨ | ᠬᠤᠰᠢᠭᠤᠨ ᠤ ᠬᠤᠩ ᡁᠢ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠪᠠ | ᠪᠣᠷᠣᠯᠠᠭᠤᠯᠬᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠢᠴᠢ ᠲᠠᠷᠢᠮᠠᠯ ᠤᠨ ᠰᠠᠭᠤᠷᠢᠨ ᠭᠠᠵᠠᠷ ᠢᠶᠠᠷ | ᠲᠣᠭᠤᠷᠢᠨ ᠦᠵᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠯᠢᠭ ᠤᠨ ᠬᠥᠭᠵᠢᠯᠲᠡ ᠶᠢᠨ | ᠶᠠᠪᠤᠴᠠ᠂ ᠭᠡᠰᠢᠭᠦᠨ ᠤ ᠪᠦᠲᠦᠴᠡ ᠵᠢᠴᠢ ᠭᠤᠤᠯ ᠪᠣᠯᠬᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ | ᠨᠠᠷᠢᠨ ᠣᠶᠢᠯᠠᠭᠠᠪᠠ᠃ ᠨᠡᠶᠢᠭᠡᠮᠯᠢᠭ ᠤᠨ ᠬᠠᠷᠢᠭᠤᠴᠠᠯᠭᠠᠲᠠᠨ ᠠᠴᠠ ᠮᠠᠨ ᠤ ᠬᠤᠰᠢᠭᠤᠨ ᠤ ᠪᠣᠳᠠᠲᠤ ᠪᠠᠶᠢᠳᠠᠯ ᠢ | ᠦᠨᠳᠦᠰᠦᠯᠡᠨ ᠪᠠᠶᠢᠭᠤᠯᠤᠭᠰᠠᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠨᠡᠪᠲᠡᠷᠡᠯᠴᠡᠨ | ᠰᠣᠯᠢᠯᠴᠠᠬᠤ᠂ ᠬᠠᠮᠲᠤᠷᠠᠯᠴᠠᠨ ᠬᠥᠭᠵᠢᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠲᠠᠪᠴᠠᠩ - ︽ᠲᠦᠷᠦᠭᠦᠴᠢ | ᠭᠠᠯᠠᠭᠤ︾ ᠶᠢ ᠪᠤᠶᠢᠵᠢᠭᠤᠯᠬᠤ ᠲᠥᠷᠥᠯ ᠵᠦᠢᠯ ᠢ ᠨᠠᠷᠢᠨ ᠲᠠᠨᠢᠯᠴᠠᠭᠤᠯᠵᠤ᠂ ᠲᠣᠰ ᠲᠥᠷᠥᠯ ᠵᠦᠢᠯ ᠨᠢ ᠨᠢᠭᠡᠨᠲᠡ | ᠳᠥᠴᠢ ᠭᠠᠷᠤᠶ ︽ᠳᠠᠭᠠᠭᠤᠯᠤᠭᠴᠢ︾ ᠶᠢ ᠠᠮᠵᠢᠯᠲᠠ ᠲᠠᠢ ᠬᠥᠮᠦᠵᠢᠭᠦᠯᠵᠦ᠂ ᠲᠡᠳᠡ ᠣᠯᠠᠨ ᠬᠠᠩᠭᠠᠨ | ᠪᠣᠷᠣᠯᠠᠭᠤᠯᠬᠤ ᠬᠤᠷᠰᠢᠶ᠎ᠠ ᠶᠢ ᠪᠠᠶᠢᠭᠤᠯᠵᠤ᠂ ᠨᠠᠩ ᠣᠯᠠᠨ ᠲᠠᠷᠢᠶᠠᠴᠢᠳ ᠢ ᠳᠠᠶᠢᠴᠢᠯᠠᠨ ᠳᠠᠭᠠᠭᠤᠯᠵᠤ ᠭᠠᠷᠤᠯᠲᠠ ᠪᠠᠨ | ᠨᠡᠮᠡᠭᠳᠡᠭᠦᠯᠦᠨ ᠣᠷᠣᠯᠭ᠎ᠠ ᠶᠢ ᠨᠢ ᠨᠡᠮᠡᠭᠳᠡᠭᠦᠯᠵᠦ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠬᠦᠴᠦ ᠨᠡᠮᠡᠷᠢᠯᠡᠵᠦ ᠪᠠᠶᠢᠨ᠎ᠠ᠃ | ᠡᠭᠦᠨ ᠤ ᠳᠠᠷᠠᠭ᠎ᠠ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠬᠤᠰᠢᠭᠤᠨ ᠤ ᠲᠠᠷᠢᠶᠠᠯᠠᠩ | ᠮᠠᠯ ᠠᠵᠤ ᠠᠬᠤᠶ ᠶᠢᠨ ᠨᠡᠶᠢᠭᠡᠮᠯᠢᠭ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠯᠢᠭ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ | ᠠᠵᠢᠯᠲᠠᠨ ᠨᠢᠭᠡ ᠲᠠᠩᠬᠢᠮ ᠳᠤ ᠴᠤᠭᠯᠠᠷᠠᠵᠤ᠂ ᠲᠣᠰ ᠲᠣᠰ ᠥᠪᠡᠷ ᠤᠨ ᠰᠠᠨᠠᠯ ᠢᠶᠠᠨ ᠶᠠᠷᠢᠵᠤ᠂ ᠣᠳᠣᠬᠠᠨ ᠤ | ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠤ ᠦᠢᠯᠡᠰ ᠤᠨ ᠬᠡᠪᠴᠢᠶᠡᠵᠢᠯ ᠤᠨ ᠬᠡᠮᠵᠢᠶ᠎ᠡ ᠬᠦᠷᠦᠯᠴᠡᠬᠦ ᠥᠬᠡᠶ᠂ | ᠴᠢᠳᠠᠪᠤᠷᠢᠲᠠᠨ ᠳᠤᠲᠠᠭᠳᠠᠵᠤ᠂ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠬᠤᠴᠣᠷᠤᠩᠭᠤᠶ ᠪᠠᠶᠢᠬᠤ ᠵᠡᠷᠭᠡ | ᠪᠣᠭᠤᠮᠢ ᠶᠢᠨ ᠠᠰᠠᠭᠤᠳᠠᠯ ᠵᠢᠴᠢ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ | ᠥᠷᠨᠢᠭᠦᠯᠬᠦ ᠲᠤᠬᠠᠶ ᠰᠠᠨᠠᠯ ᠰᠠᠨᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠨᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠯᠢᠭ ᠵᠢᠴᠢ ᠬᠠᠮᠢᠶ᠎ᠠ ᠪᠥᠬᠦᠶ ᠠᠵᠤ | ᠠᠬᠤᠶᠢᠯᠠᠯ ᠤᠨ ᠪᠣᠳᠠᠲᠠᠶ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠨᠠᠷᠢᠯᠢᠭ ᠣᠨᠣᠴᠠᠲᠠᠶ ᠪᠠᠷ | ᠦᠢᠯᠡᠴᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠯᠢᠭ ᠲᠠᠢ ᠨᠠᠩ ᠣᠯᠠᠨ ᠪᠣᠳᠠᠲᠠᠶ ᠶᠢ | ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ | ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠮᠠᠨ ᠤ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ | ᠬᠦᠴᠦᠨ ᠨᠡᠮᠡᠷᠢᠯᠡᠨ᠎ᠡ᠃ |