3 ᠰᠠᠷ᠎ᠠ ᠶᠢᠨ 18 ᠤ ᠡᠳᠦᠷ᠂ ᠲᠦᠮᠡᠳ ᠵᠡᠭᠦᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠲᠥᠪ ᠠᠴᠠ ᠬᠥᠬᠡᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠴᠠᠭᠠᠰᠤᠴᠢ ᠪᠠᠯᠭᠠᠰᠤᠨ ᠤ | ᠠᠷᠠᠳ ᠤᠨ ᠲᠠᠯᠠᠪᠠᠶ ᠳᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠵᠢᠴᠢ | ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ | ᠳᠤᠮᠳᠠ᠂ ᠠᠵᠢᠯᠲᠠᠳ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ᠂ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠥᠭᠡᠳ ᠣᠯᠠᠨ ᠲᠦᠮᠡᠨ ᠳᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠬᠠᠤᠯᠢ︾ ᠶᠢᠨ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠠᠶᠢᠯᠪᠤᠷᠢᠯᠠᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠲᠦᠮᠡᠨ ᠳᠤ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢᠨ ᠴᠢᠬᠤᠯᠠ ᠴᠢᠨᠠᠷ᠂ ᠵᠠᠶᠢᠯᠠᠰᠢ ᠥᠬᠡᠶ ᠴᠢᠨᠠᠷ ᠢ ᠨᠠᠩ | ᠲᠣᠳᠣᠷᠬᠠᠶ ᠪᠣᠯᠭᠠᠵᠤ᠂ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ | ᠬᠤᠪᠢᠰᠬᠠᠯᠲᠤ ᠰᠣᠶᠣᠯ ᠢ ᠪᠠᠳᠠᠷᠠᠭᠤᠯᠬᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠬᠦ᠂ | ᠲᠡᠦᠬᠡ ᠶᠢᠨ ᠤᠬᠠᠮᠰᠠᠷ ᠢᠶᠠᠨ ᠴᠢᠩᠭᠠᠳᠬᠠᠬᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠰᠣᠶᠣᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠴᠢᠬᠤᠯᠠ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ | ᠪᠠᠶᠢᠵᠤ᠂ ᠥᠷᠭᠡᠨ ᠣᠯᠠᠨ ᠲᠦᠮᠡᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ | ᠠᠯᠬᠤᠮ ᠴᠢᠩᠭᠠᠳᠬᠠᠪᠠ᠃ |